ᠦᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠩᠬᠠᠳᠤᠭᠠᠷ ᠤᠳᠠᠭ᠎ᠠ ᠶᠢᠨ ᠬᠤᠷᠠᠯ ᠬᠢᠪᠠ  ᠱᠢ ᠲᠠᠢ ᠹᠧᠩ ᠬᠤᠷᠠᠯ ᠢ ᠡᠷᠭᠢᠯᠡᠵᠡᠶ
ᠨᠡᠶᠢᠲᠡᠯᠡᠭᠰᠡᠨ ᠴᠠᠭ᠄
2021/9/10

      9 ᠰᠠᠷ᠎ᠠ ᠶᠢᠨ 9 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠩᠬᠠᠳᠤᠭᠠᠷ ᠤᠳᠠᠭ᠎ᠠ ᠶᠢᠨ ᠬᠤᠷᠠᠯ ᠬᠢᠪᠠ᠃
      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 62 ᠬᠦᠮᠦᠨ ᠪᠤᠢ᠂ 58 ᠬᠥᠮᠦᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠵᠡᠢ᠃
      ᠬᠤᠷᠠᠯ ᠠᠴᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ︾ ᠢ ᠪᠠᠲᠤᠯᠠᠪᠠ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠪᠤᠯ ᠱᠢ ᠲᠠᠢ ᠹᠸᠡᠭ᠂ ᠨᠠᠰᠤᠨᠮᠦ᠋ᠡᠭᠭᠡ᠂ ᠸᠠᠩ ᠪᠥᠸᠧ᠂ ᠯᠢ ᠷᠦᠡᠭ ᠰᠢ᠂ ᠯᠢᠶᠠᠨ ᠰᠤ᠋᠂ ᠵᠠᠩ ᠶᠤᠸᠠᠨ ᠵᠥᠩ᠂

ᠾᠧ ᠶᠠᠨ ᠯᠢᠩ᠂ ᠱᠢ ᠸᠧᠨ ᠰᠢᠤᠸᠠᠢ ᠪᠣᠯᠤᠨ᠎ᠠ᠃
      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠡᠳᠦᠷ ᠤᠨ ᠳᠠᠷᠠᠭᠠᠯᠠᠯ᠂ ᠭᠦᠢᠴᠡᠳᠬᠡᠬᠦ ᠲᠡᠷᠢᠭᠦᠯᠡᠭᠴᠢᠳ ᠤᠨ ᠨᠡᠷᠡᠰ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ ᠶᠢ ᠪᠠᠲᠤᠯᠠᠪᠠ᠃
      ᠬᠤᠷᠠᠯ ᠠᠴᠠ᠂ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠤ ᠺᠠᠶ ᠶᠢᠨ ᠬᠢᠭᠰᠡᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠶᠢᠨ ᠲᠥᠰᠦᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠴᠤ᠂ ᠪᠠᠲᠤᠯᠠᠭᠰᠠᠨ ᠤ ᠳᠠᠷᠠᠭᠠᠬᠢ ᠰᠣᠩᠭᠤᠭᠤᠯᠢ ᠶᠢᠨ ᠠᠷᠭ᠎ᠠ ᠶᠢᠨ ᠲᠥᠰᠦᠯ ᠢ ᠪᠥᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠵᠥᠪᠯᠡᠭᠦᠯᠦᠭᠰᠡᠨ ᠤ ᠳᠠᠷᠠᠭ᠎ᠠ᠂ ᠶᠡᠭᠡ ᠬᠤᠷᠠᠯ ᠳᠤ ᠳᠡᠪᠰᠢᠭᠦᠯᠤᠨ ᠪᠠᠲᠤᠯᠠᠭᠤᠯᠬᠤ ᠪᠠᠷ ᠲᠣᠭᠲᠠᠪᠠ᠃
      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠢ ᠳ᠋ᠦᠩ ᠤᠨ ᠬᠢᠭᠰᠡᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢ ᠨᠦᠬᠦᠨ ᠰᠤᠩᠭᠤᠬᠤ ᠵᠢᠱᠢᠭᠳᠡᠭᠴᠢ ᠶᠢᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠤ᠂ ᠵᠢᠱᠢᠭᠳᠡᠭᠴᠢ ᠶᠢᠨ ᠨᠡᠷ᠎ᠡ ᠶᠢ ᠪᠠᠲᠤᠯᠠᠵᠤ᠂ ᠪᠠᠲᠤᠯᠠᠭᠰᠠᠨ ᠤ ᠳᠠᠷᠠᠭᠠᠬᠢ ᠨᠡᠷ᠎ᠡ ᠶᠢ ᠲᠡᠷᠢᠭᠦᠯᠡᠭᠴᠢᠳ ᠤᠨ ᠪᠦᠯᠬᠦᠮ ᠤᠨ ᠨᠡᠷ᠎ᠡ ᠳᠤᠷᠠᠳᠤᠭᠰᠠᠨ ᠵᠢᠱᠢᠭᠳᠡᠭᠴᠢ ᠶᠢᠨ ᠨᠡᠷ᠎ᠡ ᠪᠣᠯᠭᠠᠨ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠵᠥᠪᠳᠡᠯᠴᠡᠭᠦᠯᠬᠦ ᠪᠠᠷ ᠲᠣᠭᠲᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ