ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠠ  ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/9/10
      9 ᠰᠠᠷ᠎ᠠ ᠶᠢᠨ 9 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ᠃      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 62 ᠬᠥᠮᠦᠨ ᠪᠣᠶ᠂ 58 ᠬᠥᠮᠦᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠱᠢ ᠲᠠᠢ ᠹᠧᠩ ᠬᠤᠷᠠᠯ ᠢ ᠡᠷᠬᠢᠯᠡᠪᠡ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠨᠠᠰᠤᠨᠮᠦ᠋ᠡᠭᠭᠡ᠂ ᠸᠠᠩ ᠪᠥᠸᠧ᠂ ᠯᠢᠶᠠᠨ ᠰᠥ᠋᠂ ᠵᠠᠩ ᠶᠤᠸᠠᠨ ᠵᠥᠩ᠂ ᠾᠧ ᠶᠠᠨ ᠯᠢᠩ᠂ ᠱᠢ ᠸᠧᠨ ᠰᠢᠤᠸᠠᠢ ᠬᠤᠷᠠᠯ ᠳᠤ ᠣᠷᠣᠯᠴᠠᠵᠠᠶ᠃      ᠬᠤᠷᠠᠯ ᠲᠡᠭᠡᠷ᠎ᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠤ ᠺᠠᠶ ᠶᠢᠨ ᠬᠢᠭᠰᠡᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠡᠷᠢᠬᠦᠯᠡᠭᠴᠢᠳ ᠤᠨ ᠪᠦᠯᠬᠦᠮ ᠤᠨ ᠨᠡᠷ᠎ᠡ ᠳᠤᠷᠠᠳᠤᠬᠰᠠᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠵᠢᠱᠢᠭᠳᠡᠭᠴᠢ ᠶᠢᠨ ᠨᠡᠷᠡᠰ ᠢ ᠵᠦᠪᠳᠡᠨ ᠶᠠᠷᠢᠯᠴᠠᠬᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠷᠢᠭᠦᠯᠡᠭᠴᠢᠳ ᠤᠨ ᠪᠦᠯᠬᠦᠮ ᠤᠨ ᠨᠡᠷ᠎ᠡ ᠳᠤᠷᠠᠳᠤᠭᠰᠠᠨ ᠵᠢᠱᠢᠭᠳᠡᠭᠴᠢ ᠶᠢᠨ ᠨᠡᠷᠡᠰ ᠢ ᠵᠢᠩᠬᠢᠨᠢ ᠵᠢᠱᠢᠭᠳᠡᠭᠴᠢ ᠶᠢᠨ ᠨᠡᠷᠡᠰ ᠪᠣᠯᠭᠠᠨ ᠶᠡᠭᠡ ᠬᠤᠷᠠᠯ ᠳᠤ ᠳᠡᠪᠰᠢᠭᠦᠯᠵᠦ ᠰᠣᠩᠭᠤᠭᠤᠯᠢ ᠬᠢᠯᠭᠡᠬᠦ ᠪᠠᠷ ᠲᠣᠭᠲᠠᠪᠠ᠃      ᠬᠤᠷᠠᠯ ᠠᠴᠠ ᠶᠡᠷᠦᠩᠬᠡᠶ ᠪᠢᠯᠧᠲ ᠬᠢᠨᠠᠭᠴᠢ᠂ ᠳᠡᠳ᠋ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠤᠨ ᠲᠥᠰᠦᠯ ᠢ ᠪᠠᠲᠤᠯᠠᠵᠤ᠂ ᠪᠠᠲᠤᠯᠠᠭᠰᠠᠨ ᠤ ᠳᠠᠷᠠᠭᠠᠬᠢ ᠨᠡᠷᠡᠰ ᠤᠨ ᠲᠥᠰᠦᠯ ᠢ ᠪᠥᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ