ᠯᠢ ᠺᠧ ᠴᠢᠶᠠᠩ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠳᠣᠯᠣᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠬᠤᠷᠠᠯ ᠳᠤ ᠣᠷᠣᠯᠴᠠᠬᠤ ᠳᠤ ᠪᠠᠨ ᠬᠥᠷᠰᠢ ᠵᠡᠷᠭᠡᠯᠡᠳᠡᠭᠡ ᠶᠢᠨ ᠨᠥᠬᠦᠷᠰᠡᠭ ᠬᠠᠷᠢᠯᠴᠠᠭ᠎ᠠ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠬᠡᠵᠦ᠂ ᠳᠡᠳ᠋ ᠣᠷᠣᠨ ᠪᠦᠰᠡ ᠶᠢᠨ ᠬᠥᠭᠵᠢᠯ ᠴᠡᠴᠡᠭᠯᠡᠯ ᠢ ᠠᠬᠢᠭᠤᠯᠵᠤ᠂ ᠭᠠᠵᠠᠷ ᠣᠷᠣᠨ ᠤ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃
ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 9 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠳᠣᠯᠣᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠺᠠᠮᠪᠣᠵᠠ ᠶᠢᠨ ᠲᠡᠷᠢᠭᠦᠨ ᠰᠠᠶᠢᠳ ᠬᠤᠨᠰᠧᠨ ᠬᠤᠷᠠᠯ ᠢ ᠡᠷᠬᠢᠯᠡᠵᠦ᠂ ᠯᠠᠤᠰ ᠤᠨ ᠵᠠᠰᠠᠭ ᠤᠨ ᠣᠷᠳᠣᠨ ᠤ ᠶᠡᠷᠦᠩᠬᠡᠢ ᠰᠠᠶᠢᠳ ᠫᠠᠨᠺᠠᠮ᠂ ᠪᠢᠷᠮᠠ ᠶᠢᠨ ᠤᠯᠤᠰ ᠤᠨ ᠬᠠᠮᠢᠶᠠᠷᠤᠯᠲᠠ ᠶᠢᠨ ᠵᠥᠪᠯᠡᠯ ᠤᠨ ᠲᠡᠷᠢᠭᠦᠯᠡᠭᠴᠢ ᠮᠢᠨ ᠠᠦ᠋ᠩ ᠾᠯᠠᠶᠢᠩ᠂ ᠲᠠᠢ ᠤᠯᠤᠰ ᠤᠨ ᠶᠡᠷᠦᠩᠬᠡᠢ ᠰᠠᠶᠢᠳ ᠫᠷᠠᠶᠦ᠋ᠲ᠂ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠪᠣᠯᠤᠨ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠠᠰᠠᠺᠠᠸᠠ ᠮᠠᠰᠠᠼᠦᠬᠦ ᠬᠤᠷᠠᠯ ᠳᠤ ᠣᠷᠣᠯᠴᠠᠪᠠ᠃ ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠪᠠ᠃
ᠯᠢ ᠺᠧ ᠴᠢᠶᠠᠩ ᠶᠠᠷᠢᠶᠠᠨ ᠳᠤ ᠪᠠᠨ᠂ ᠳᠤᠮᠳᠠᠳᠤ ᠤᠯᠤᠰ ᠪᠣᠯᠤᠨ ᠮᠸᠢᠢᠭᠤᠩ ᠮᠥᠷᠡᠨ ᠤ ᠤᠯᠤᠰ ᠤᠳ ᠪᠣᠯ ᠬᠥᠷᠰᠢ ᠵᠡᠷᠭᠡᠯᠡᠳᠡᠭᠡ ᠤᠯᠤᠰ ᠪᠠᠶᠢᠵᠤ᠂ ᠨᠢᠭᠡ ᠭᠡᠷ ᠤᠨ ᠬᠥᠮᠦᠨ ᠰᠢᠭ ᠣᠶᠢᠷ᠎ᠠ ᠳᠣᠲᠣᠨᠣ ᠪᠠᠶᠢᠳᠠᠭ᠃ ᠰᠢ ᠶᠢᠨ ᠫᠢᠩ ᠲᠡᠷᠢᠭᠦᠯᠡᠭᠴᠢ᠂ ᠡᠷᠬᠢᠨ ᠲᠣᠭᠤᠷᠢᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠲᠠᠴᠠ ᠪᠠᠶᠢᠭᠤᠯᠤᠭᠳᠠᠭᠰᠠᠨ ᠠᠴᠠ ᠨᠠᠭᠠᠰᠢ᠂ ᠥᠪᠡᠷ ᠥᠪᠡᠷ ᠤᠨ ᠤᠯᠤᠰ ᠤᠨ ᠢᠶᠠᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠠᠰᠢᠭ ᠬᠦᠷᠲᠡᠭᠡᠵᠦ᠂ ᠭᠠᠵᠠᠷ ᠣᠷᠣᠨ ᠤ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠪᠡ ᠭᠡᠵᠦ ᠢᠯᠡᠷᠬᠡᠶᠢᠯᠡᠪᠡ᠃
ᠯᠢ ᠺᠧ ᠴᠢᠶᠠᠩ ᠵᠢᠭᠠᠬᠤ ᠳᠤ ᠪᠠᠨ᠂ ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠪᠦᠬᠦ ᠪᠥᠮᠪᠥᠷᠴᠡᠭ ᠲᠤ ᠲᠠᠬᠢᠨ ᠳᠠᠪᠲᠠᠨ ᠥᠷᠪᠢᠰᠴᠦ᠂ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠪᠤᠰᠤ ᠴᠢᠨᠠᠷ᠂ ᠥᠯᠥ ᠮᠡᠳᠡᠬᠦ ᠴᠢᠨᠠᠷ ᠨᠡᠮᠡᠭᠳᠡᠵᠦ᠂ ᠳᠡᠳ᠋ ᠣᠷᠣᠨ ᠪᠦᠰᠡ ᠶᠢᠨ ᠡᠯ᠎ᠡ ᠤᠯᠤᠰ ᠤᠨ ᠠᠵᠤ ᠠᠬᠤᠢ ᠶᠢᠨ ᠰᠡᠷᠭᠦᠯᠲᠡ ᠪᠣᠯᠤᠨ ᠦᠷᠭᠦᠯᠵᠢᠯᠡᠬᠦᠶᠢᠴᠡ ᠨᠡᠮᠡᠭᠳᠡᠯ ᠨᠢ ᠰᠢᠨ᠎ᠡ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠪᠢᠳᠡ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠠᠮᠲᠤᠷᠠᠯᠴᠠᠭᠠᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠳᠡᠳ᠋ ᠣᠷᠣᠨ ᠪᠦᠰᠡ ᠶᠢᠨ ᠦᠷᠭᠦᠯᠵᠢᠯᠡᠬᠦᠶᠢᠴᠡ ᠪᠠ ᠪᠠᠭᠲᠠᠭᠠᠮᠵᠢᠲᠤ ᠬᠥᠭᠵᠢᠯᠲᠡ ᠶᠢ ᠬᠠᠮᠲᠤ ᠪᠠᠷ ᠠᠬᠢᠭᠤᠯᠪᠠᠯ ᠵᠣᠬᠢᠨ᠎ᠠ ᠭᠡᠵᠡᠢ᠃ ᠯᠢ ᠺᠧ ᠴᠢᠶᠠᠩ ᠡᠭᠦᠨ ᠤ ᠲᠤᠬᠠᠢ ᠵᠢᠷᠭᠤᠭᠠᠨ ᠲᠠᠯ᠎ᠠ ᠶᠢᠨ ᠰᠠᠨᠠᠭᠤᠯᠭ᠎ᠠ ᠳᠤᠷᠠᠳᠪᠠ᠄
ᠨᠢᠭᠡ ᠳᠤ᠂ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠷᠭᠢ ᠳᠠᠭᠠᠤ ᠤᠯᠤᠰ ᠤᠳ ᠲᠤ ᠪᠤᠶᠠᠨ ᠦᠢᠯᠡᠳᠦᠨ᠎ᠡ᠃ ᠡᠯ᠎ᠡ ᠤᠯᠤᠰ ᠤᠨ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠵᠦᠢ ᠶᠣᠰᠣᠨ ᠤ ᠡᠷᠬᠡ ᠠᠰᠢᠭ ᠢ ᠭᠦᠢᠴᠡᠳ ᠬᠦᠨᠳᠦᠳᠬᠡᠵᠦ᠂ ᠤᠴᠢᠷ ᠶᠠᠪᠤᠳᠠᠯ ᠪᠠᠶᠢᠪᠠᠯ ᠤᠯᠠᠨ ᠢᠶᠠᠷ ᠢᠶᠠᠨ ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠬᠡᠷᠡᠭᠲᠡᠶ᠃ ᠳᠤᠮᠳᠠᠳᠤ ᠶᠢᠨ ᠲᠠᠯ᠎ᠠ ᠶᠢᠨ ᠬᠢᠨ ᠨᠢᠳᠤᠨᠤᠨ ᠠᠴᠠ ᠡᠬᠢᠯᠡᠨ ᠯᠠᠨᠼᠠᠩᠵᠢᠶᠠᠩ
ᠮᠥᠷᠡᠨ — ᠮᠸᠢᠢᠭᠤᠩ ᠮᠥᠷᠡᠨ ᠤ ᠬᠠᠮᠲᠤᠷᠠᠯᠴᠠᠭᠠᠨ ᠤ ᠪᠦᠳᠦᠭᠦᠪᠴᠢ ᠲᠥᠰᠦᠪ ᠤᠨ ᠳᠣᠣᠷ᠎ᠠ ᠮᠸᠢᠢᠭᠤᠩ ᠮᠥᠷᠡᠨ ᠤ ᠲᠠᠪᠤᠨ ᠤᠯᠤᠰ ᠲᠤ ᠯᠠᠨᠼᠠᠩᠵᠢᠶᠠᠩ ᠮᠥᠷᠡᠨ ᠤ ᠪᠦᠬᠦ ᠵᠢᠯ ᠤᠨ ᠤᠰᠤᠨ ᠵᠦᠢ ᠶᠢᠨ ᠮᠡᠳᠡᠭᠡ ᠵᠠᠩᠭᠢ ᠶᠢ ᠬᠠᠩᠭᠠᠵᠤ᠂ ᠯᠠᠨᠼᠠᠩᠵᠢᠶᠠᠩ ᠮᠥᠷᠡᠨ — ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠠᠪᠴᠠᠩ ᠤᠨ ᠰᠦᠯᠵᠢᠶ᠎ᠡ ᠶᠢ ᠬᠠᠮᠤᠭ ᠤᠨ ᠲᠡᠷᠢᠭᠦᠨ ᠳᠤ ᠨᠡᠪᠲᠡᠷᠡᠭᠦᠯᠪᠡ᠃ ᠬᠤᠶᠠᠳᠤᠭᠠᠷ ᠬᠤᠭᠤᠴᠠᠭᠠᠨ ᠤ ᠯᠠᠨᠼᠠᠩᠵᠢᠶᠠᠩ ᠮᠥᠷᠡᠨ — ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠰᠠᠶᠢᠳ ᠤᠨ ᠳᠡᠰ ᠤᠨ ᠬᠤᠷᠠᠯ ᠪᠣᠯᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠬᠠᠮᠲᠤ ᠪᠠᠷ ᠰᠠᠶᠢᠲᠤᠷ ᠡᠷᠬᠢᠯᠡᠵᠦ᠂ ᠳᠡᠭᠡᠳᠦ ᠲᠤᠤᠷᠠᠳᠤ ᠤᠷᠤᠰᠬᠠᠯ ᠤᠨ ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠤᠰᠤᠨ ᠤ ᠡᠬᠢ ᠪᠠᠶᠠᠯᠢᠭ ᠢ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠬᠦᠰᠡᠮᠵᠢᠯᠡᠵᠦ ᠪᠠᠶᠢᠨ᠎ᠠ᠃
ᠬᠤᠶᠠᠷ ᠲᠤ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠠᠷ ᠭᠠᠷ ᠢᠶᠠᠨ ᠬᠤᠯᠪᠣᠯᠴᠠᠨ ᠰᠠᠶᠢᠲᠤᠷ ᠬᠢᠨ᠎ᠡ᠃ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠵᠢᠮ᠎ᠡ ᠶᠣᠰᠣ ᠶᠢ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠬᠠᠮᠲᠤᠷᠠᠯᠴᠠᠭ᠎ᠠ ᠶᠢ ᠬᠠᠮᠲᠤ ᠪᠠᠷ ᠥᠷᠨᠢᠭᠦᠯᠦᠨ᠎ᠡ᠃ ᠳᠤᠮᠳᠠᠳᠤ ᠶᠢᠨ ᠲᠠᠯ᠎ᠠ ᠶᠢᠨ ᠬᠢᠨ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠮᠸᠢᠢᠭᠤᠩ ᠮᠥᠷᠡᠨ ᠤ ᠤᠯᠤᠰ ᠤᠳ ᠲᠤ ᠸᠠᠺᠼᠢᠨ ᠵᠡᠷᠭᠡ ᠡᠮᠴᠢᠯᠡᠭᠡᠨ ᠤ ᠡᠳ᠋ ᠪᠣᠳᠠᠰ ᠤᠨ ᠲᠤᠰᠠᠯᠠᠮᠵᠢ ᠶᠢ ᠤᠷᠢᠳ ᠢᠶᠠᠷ ᠬᠠᠩᠭᠠᠵᠤ᠂ ᠨᠢᠭᠡᠨᠲᠡ ᠪᠠᠶᠢᠭᠤᠯᠤᠭᠰᠠᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠢ ᠪᠡᠯᠡ ᠮᠥᠩᠭᠦ ᠶᠢ ᠠᠰᠢᠭᠯᠠᠵᠤ᠂ ᠬᠢᠵᠢᠭ ᠤᠨ ᠪᠠᠶᠢᠳᠠᠯ ᠢ ᠬᠢᠨᠠᠨ ᠰᠢᠨᠵᠢᠯᠡᠬᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠮᠲᠤᠷᠠᠯᠴᠠᠭ᠎ᠠ ᠶᠢ ᠳᠤᠷᠠᠲᠠᠶ᠎ᠠ ᠥᠷᠨᠢᠭᠦᠯᠦᠨ᠎ᠡ᠃
ᠭᠤᠷᠪᠠ ᠳᠤ᠂ ᠠᠷᠠᠯᠵᠢᠶᠠᠨ ᠤ ᠪᠡᠯᠡ ᠣᠷᠣᠭᠤᠯᠤᠯᠲᠠ ᠶᠢ ᠴᠢᠩᠭᠠᠳᠬᠠᠵᠤ᠂ ᠠᠵᠤ ᠠᠬᠤᠶ ᠶᠢᠨ ᠰᠡᠷᠭᠦᠯᠲᠡ ᠶᠢ ᠬᠠᠮᠲᠤ ᠪᠠᠷ ᠠᠬᠢᠭᠤᠯᠤᠨ᠎ᠠ᠃ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ︵RCEP︶ ᠢ ᠬᠠᠷᠭᠤᠭᠤᠯᠤᠨ ᠵᠥᠪᠰᠢᠶᠡᠷᠡᠬᠦ ᠶᠢ ᠠᠬᠢᠭᠤᠯᠬᠤ ᠶᠢᠨ ᠬᠠᠮᠲᠤ ᠠᠯᠢ ᠲᠥᠷᠭᠡᠨ ᠢᠶᠠᠷ ᠬᠡᠷᠡᠭᠵᠢᠭᠦᠯᠵᠦ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠴᠢᠯᠥᠭᠡᠲᠦ ᠠᠷᠠᠯᠵᠢᠶᠠᠨ ᠤ ᠣᠷᠣᠨ ᠢ ᠲᠡᠰ ᠳᠡᠪᠰᠢᠭᠦᠯᠬᠦ ︽ᠵᠥᠪᠯᠡᠨ ᠲᠣᠭᠲᠠᠭᠠᠭᠰᠠᠨ ᠪᠢᠴᠢᠭ︾ ᠢ ᠰᠠᠶᠢᠲᠤᠷ ᠨᠠᠶᠢᠳᠠᠪᠤᠷᠢᠵᠢᠭᠤᠯᠵᠤ᠂ ᠳᠡᠳ᠋ ᠣᠷᠣᠨ ᠪᠦᠰᠡ ᠶᠢᠨ ᠤᠯᠤᠰ ᠤᠳ ᠢ ᠪᠠᠭᠲᠠᠭᠠᠭᠰᠠᠨ ᠡᠯ᠎ᠡ ᠤᠯᠤᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃
ᠲᠦᠷᠪᠡ ᠳᠤ᠂ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠵᠣᠬᠢᠴᠠᠯᠳᠤᠨ ᠬᠥᠭᠵᠢᠬᠦ ᠶᠢ ᠪᠡᠶᠡᠯᠡᠭᠦᠯᠦᠨ᠎ᠡ᠃ ︽2030 ᠣᠨ ᠤ ᠵᠠᠮ ᠬᠠᠷᠢᠯᠴᠠᠭᠠᠨ ᠤ ᠪᠠᠶᠢᠯᠳᠤᠬᠤ ᠪᠣᠳᠣᠯᠭ᠎ᠠ︾ ᠶᠢ ᠨᠠᠶᠢᠳᠠᠪᠤᠷᠢᠵᠢᠭᠤᠯᠵᠤ᠂ ᠳᠤᠮᠳᠠᠳᠤ ᠯᠠᠤᠰ ᠤᠨ ᠲᠡᠮᠦᠷ ᠵᠠᠮ ᠤᠨ ᠤᠳᠠᠯ ᠥᠬᠡᠶ ᠲᠡᠷᠭᠡ ᠨᠡᠪᠲᠡᠷᠡᠬᠦ ᠭᠡᠵᠦ ᠪᠠᠶᠢᠭ᠎ᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠳᠤᠮᠳᠠᠳᠤ ᠲᠠᠢ ᠬᠤᠶᠠᠷ ᠤᠯᠤᠰ ᠤᠨ ᠲᠡᠮᠦᠷ ᠵᠠᠮ᠂ ᠫᠨᠣᠮ ᠪᠧᠩ — ᠰᠢᠬᠠᠨᠦ᠋ᠺᠧ ᠭᠠᠷᠠᠮ ᠤᠨ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ ᠴᠢᠬᠤᠯᠠ ᠶᠡᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠴᠠᠬᠢᠯᠭᠠᠨ ᠬᠦᠴᠦᠨ ᠤ ᠵᠣᠬᠢᠴᠠᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃
ᠲᠠᠪᠤ ᠳᠤ᠂ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠭᠤᠣᠯᠯᠠᠬᠤ ᠣᠷᠴᠢᠨ ᠲᠣᠭᠤᠷᠢᠨ ᠤ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠬᠤᠶ ᠪᠠᠶᠢᠳᠠᠯ ᠳᠣᠤᠷᠠᠬᠢ ᠵᠢᠭᠤᠯᠴᠢᠯᠠᠯ ᠤᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ᠎ᠡ᠃
ᠵᠢᠷᠭᠤᠭ᠎ᠠ ᠳᠤ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠳᠡᠳ᠋ ᠣᠷᠣᠨ ᠪᠦᠰᠡ ᠶᠢᠨ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠬᠥᠷᠰᠢ ᠵᠡᠷᠭᠡᠯᠡᠳᠡᠭᠡ ᠤᠯᠤᠰ ᠤᠳ ᠨᠥᠬᠦᠷᠰᠡᠭ ᠢᠶᠠᠷ ᠬᠠᠷᠢᠯᠴᠠᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠡᠷᠬᠡ ᠲᠡᠭᠰᠢ ᠪᠠᠷ ᠬᠠᠨᠳᠤᠬᠤ ᠶᠢ ᠢᠮᠠᠭᠲᠠ ᠪᠠᠷᠢᠮᠲᠠᠯᠠᠵᠤ᠂ ᠲᠤᠰ ᠲᠤᠰ ᠤᠨ ᠢᠶᠠᠨ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠠᠷᠠᠭᠠᠯᠵᠠᠨ᠎ᠠ᠃ ᠤᠯᠠᠨ ᠲᠠᠯᠠᠲᠤ ᠦᠵᠡᠯ ᠢ ᠢᠮᠠᠭᠲᠠ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠳᠠᠷᠠᠭᠤᠯᠤᠨ᠎ᠠ᠃ ᠨᠡᠭᠡᠭᠡᠯᠲᠡᠲᠡᠢ ᠪᠠᠭᠲᠠᠭᠠᠮᠵᠢᠲᠠᠢ ᠣᠨᠣᠯᠵᠢᠬᠤᠨ ᠢ ᠢᠮᠠᠭᠲᠠ ᠰᠠᠨᠠᠭᠠᠴᠢᠯᠠᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠣᠯᠤᠨ ᠯᠠᠨᠼᠠᠩᠵᠢᠶᠠᠩ ᠮᠥᠷᠡᠨ — ᠮᠸᠢᠢᠭᠤᠩ ᠮᠥᠷᠡᠨ ᠵᠡᠷᠭᠡ ᠲᠣᠭᠲᠠᠴᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃
ᠯᠢ ᠺᠧ ᠴᠢᠶᠠᠩ ᠳᠤᠮᠳᠠᠳᠤ ᠤᠯᠤᠰ ᠤᠨ ᠠᠵᠤ ᠠᠬᠤᠢ ᠶᠢᠨ ᠪᠠᠶᠢᠳᠠᠯ ᠢ ᠲᠠᠨᠢᠯᠴᠠᠭᠤᠯᠵᠤ᠂ ᠬᠥᠭᠵᠢᠯᠲᠡ ᠪᠣᠯ ᠳᠤᠮᠳᠠᠳᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠰᠠᠭᠤᠷᠢ ᠪᠠ ᠵᠠᠩᠭᠢᠯᠠᠭ᠎ᠠ ᠮᠥᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ ᠬᠢᠨ᠎ᠠ᠃ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠠᠯᠤᠰ ᠬᠡᠲᠦ ᠶᠢᠨ ᠴᠢᠨᠠᠷ᠂ ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠢ ᠴᠢᠩᠭᠠᠷᠠᠭᠤᠯᠵᠤ᠂ ᠦᠶᠡᠯᠡᠯ ᠠᠯᠤᠰᠯᠠᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶ ᠶᠢᠨ ᠠᠵᠢᠯᠯᠠᠭᠠᠨ ᠢ ᠢᠮᠠᠭᠲᠠ ᠵᠦᠢ ᠵᠣᠬᠢᠰᠲᠠᠶ ᠣᠷᠣᠨ ᠵᠠᠢ ᠳᠤ ᠪᠠᠶᠢᠬᠤ ᠶᠢ ᠪᠠᠲᠤᠯᠠᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠪᠠᠷ ᠬᠥᠭᠵᠢᠭᠡᠨ᠎ᠡ᠃ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠠᠬᠢᠭᠤᠯᠵᠤ᠂ ᠡᠯ᠎ᠡ ᠤᠯᠤᠰ ᠤᠨ ᠠᠵᠤ ᠠᠬᠤᠶᠢᠯᠠᠯ ᠤᠳ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠳᠣᠲᠣᠭᠠᠳᠤ ᠭᠠᠳᠠᠭᠠᠳᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ ᠶᠢ ᠪᠠᠷᠢᠮᠲᠠᠯᠠᠵᠤ᠂ ᠡᠷᠬᠡ ᠲᠡᠭᠰᠢ ᠥᠷᠢᠰᠥᠯᠳᠦᠭᠡᠨ ᠢ ᠠᠬᠢᠭᠤᠯᠵᠤ᠂ ᠨᠡᠭᠡᠭᠡᠯᠳᠡ ᠲᠠᠢ᠂ ᠪᠠᠭᠲᠠᠭᠠᠮᠵᠢᠲᠠᠢ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠨᠢ ᠮᠸᠢᠢᠭᠤᠩ ᠮᠥᠷᠡᠨ ᠤ ᠤᠯᠤᠰ ᠤᠳ ᠢ ᠪᠠᠭᠲᠠᠭᠠᠭᠰᠠᠨ ᠡᠯ᠎ᠡ ᠤᠯᠤᠰ ᠲᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠰᠢᠨ᠎ᠡ ᠬᠥᠭᠵᠢᠯᠲᠡ ᠶᠢᠨ ᠠᠰᠢᠭ ᠣᠷᠣᠯᠭ᠎ᠠ ᠶᠢ ᠡᠭᠦᠳᠬᠦ ᠪᠣᠯᠤᠨ᠎ᠠ ᠭᠡᠵᠦ ᠵᠢᠭᠠᠵᠤ ᠭᠠᠷᠭᠠᠪᠠ᠃
ᠯᠢ ᠺᠧ ᠴᠢᠶᠠᠩ ᠬᠠᠮᠤᠭ ᠤᠨ ᠰᠡᠭᠦᠯ ᠳᠤ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠮᠸᠢᠢᠭᠤᠩ ᠮᠥᠷᠡᠨ ᠤ ᠤᠯᠤᠰ ᠤᠳ ᠲᠠᠢ ᠬᠠᠮᠲᠤ ᠪᠠᠷ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠪᠠ ᠠᠮᠤᠷ ᠲᠣᠭᠲᠠᠭᠤᠨ ᠢ ᠬᠠᠮᠠᠭᠠᠯᠠᠵᠤ᠂ ᠳᠡᠳ᠋ ᠣᠷᠣᠨ ᠪᠦᠰᠡ ᠶᠢᠨ ᠠᠭᠤᠰᠤᠯᠴᠠᠨ ᠬᠥᠭᠵᠢᠬᠦ ᠪᠠ ᠬᠠᠮᠲᠤ ᠪᠠᠷ ᠴᠡᠴᠡᠭᠯᠡᠨ ᠬᠥᠭᠵᠢᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃
ᠬᠤᠷᠠᠯ ᠳᠤ ᠣᠷᠣᠯᠴᠠᠭᠰᠠᠨ ᠡᠯ᠎ᠡ ᠤᠯᠤᠰ ᠤᠨ ᠤᠳᠤᠷᠢᠳᠬᠤ ᠬᠥᠮᠦᠰ ᠪᠣᠯᠤᠨ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠬᠠᠷᠢᠭᠤᠴᠠᠯᠭᠠᠲᠠᠳ ᠶᠡᠷᠦᠩᠬᠡᠶ ᠰᠠᠶᠢᠳ ᠯᠢ ᠺᠧ ᠴᠢᠶᠠᠩ ᠤᠨ ᠳᠤᠷᠠᠳᠤᠭᠰᠠᠨ ᠰᠠᠨᠠᠭᠤᠯᠭ᠎ᠠ ᠶᠢ ᠮᠠᠭᠲᠠᠨ ᠰᠠᠶᠢᠰᠢᠶᠠᠵᠤ᠂ ᠳᠤᠮᠳᠠᠳᠤ ᠶᠢᠨ ᠲᠠᠯ᠎ᠠ ᠶᠢᠨ ᠬᠢᠨ ᠡᠯ᠎ᠡ ᠤᠯᠤᠰ ᠤᠨ ᠬᠢᠵᠢᠭ ᠢ ᠡᠰᠡᠷᠭᠦᠴᠡᠬᠦ ᠳᠤ ᠦᠵᠡᠭᠦᠯᠦᠭᠰᠡᠨ ᠬᠠᠪᠰᠤᠷᠤᠯᠭ᠎ᠠ ᠳᠤ ᠪᠠᠶᠠᠷᠯᠠᠨ ᠲᠠᠯᠠᠷᠬᠠᠵᠤ᠂ ᠬᠢᠵᠢᠭ ᠤᠨ ᠪᠠᠶᠢᠳᠠᠯ ᠤᠨ ᠲᠠᠭᠠᠷᠢᠯᠲᠠ ᠪᠠ ᠣᠯᠠᠨ ᠤᠯᠤᠰ ᠤᠨ ᠭᠠᠵᠠᠷ ᠣᠷᠣᠨ ᠤ ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ ᠰᠢᠨ᠎ᠡ ᠥᠷᠢᠰᠥᠯᠳᠦᠭᠡᠨ ᠤ ᠡᠮᠦᠨ᠎ᠡ᠂ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠤᠯᠤᠰ ᠤᠳ ᠣᠯᠠᠨ ᠲᠠᠯᠠᠲᠤ ᠦᠵᠡᠯ ᠢ ᠪᠠᠷᠢᠮᠲᠠᠯᠠᠨ᠂ ᠥᠷᠢᠰᠥᠯᠳᠦᠭᠡᠨ ᠢ ᠠᠵᠠ ᠲᠣᠬᠢᠶᠠᠯ ᠪᠣᠯᠭᠠᠵᠤ᠂ ᠭᠠᠵᠠᠷ ᠣᠷᠣᠨ ᠤ ᠤᠯᠤᠰ ᠤᠳ ᠤᠨ ᠠᠵᠤ ᠠᠬᠤᠶ ᠨᠡᠶᠢᠭᠡᠮ ᠤᠨ ᠡᠷᠴᠢᠮᠲᠡᠶ ᠰᠡᠷᠭᠦᠯᠲᠡ ᠶᠢ ᠠᠬᠢᠭᠤᠯᠵᠤ᠂ ᠦᠷᠭᠦᠯᠵᠢᠯᠡᠬᠦᠶᠢᠴᠡ᠂ ᠪᠠᠭᠲᠠᠭᠠᠮᠵᠢᠲᠠᠶ ᠬᠥᠭᠵᠢᠯᠲᠡ ᠶᠢ ᠪᠡᠶᠡᠯᠡᠭᠦᠯᠦᠨ᠂ ᠡᠩᠬᠡ ᠲᠠᠶᠢᠪᠤᠩ ᠪᠠ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠵᠤ᠂ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠵᠤ᠂ ᠭᠠᠵᠠᠷ ᠣᠷᠣᠨ ᠤ ᠡᠯ᠎ᠡ ᠤᠯᠤᠰ ᠤᠨ ᠠᠷᠠᠳ ᠲᠦᠮᠡᠨ ᠳᠤ ᠠᠵᠠ ᠵᠢᠷᠭᠠᠯ ᠡᠳ᠋ᠯᠡᠭᠦᠯᠪᠡᠯ ᠵᠣᠬᠢᠨ᠎ᠠ ᠭᠡᠵᠦ ᠢᠯᠡᠷᠬᠡᠶᠢᠯᠡᠵᠡᠭᠡᠪᠡ᠃
ᠬᠤᠷᠠᠯ ᠠᠴᠠ ︽ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠳᠣᠯᠣᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠬᠤᠷᠠᠯ ᠤᠨ ᠲᠤᠩᠬᠠᠭ︾ ᠢ ᠨᠡᠶᠢᠲᠡᠯᠡᠵᠦ᠂ ︽ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ 2030 ᠣᠨ ᠤ ᠪᠠᠶᠢᠯᠳᠤᠬᠤ ᠪᠤᠳᠤᠯᠭ᠎ᠠ ᠶᠢᠨ ᠪᠦᠳᠦᠭᠦᠪᠴᠢ ᠲᠥᠰᠥᠪ︾ ᠪᠣᠯᠤᠨ ︽ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠪᠠ ᠠᠵᠤ ᠠᠬᠤᠢ ᠶᠢᠨ ᠰᠡᠷᠭᠦᠯᠲᠡ ᠶᠢᠨ ᠲᠥᠯᠥᠪᠯᠡᠭᠡ
︵2021 — 2023︶︾ ᠵᠡᠷᠭᠡ ᠦᠷ᠎ᠡ ᠪᠦᠲᠦᠭᠡᠯ ᠤᠨ ᠪᠢᠴᠢᠭ ᠮᠠᠲ᠋ᠧᠷᠢᠶᠠᠯ ᠢ ᠪᠠᠲᠤᠯᠠᠪᠠ᠃
ᠸᠠᠩ ᠢ᠂ ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃