ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/10
      9 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 8 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠤᠯᠪᠣᠭᠳᠠᠯ ᠪᠦᠬᠦᠢ ᠲᠤᠰᠬᠠᠶ ᠲᠥᠯᠥᠪᠵᠢᠭᠦᠯᠭᠡ ᠵᠡᠷᠭᠡ ᠵᠦᠢᠯ ᠢ ᠰᠤᠳᠤᠯᠪᠠ᠃      ᠬᠤᠷᠠᠯ ᠠᠴᠠ᠂ 8 ᠰᠠᠷ᠎ᠠ ᠶᠢᠨ 31 ᠤ ᠡᠳᠦᠷ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ᠡᠨᠡ ᠵᠢᠯ ᠤᠨ 11 ᠰᠠᠷ᠎ᠠ ᠳᠤ ᠪᠡᠭᠡᠵᠢᠩ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠠᠰᠠᠭᠤᠳᠠᠯ ᠢ ᠭᠤᠤᠯᠳᠠᠯᠭ᠎ᠠ ᠲᠠᠢ ᠰᠤᠳᠤᠯᠵᠥ ᠪᠥᠬᠦ ᠲᠠᠯ᠎ᠠ ᠪᠠᠷ ᠳ᠋ᠦᠩᠨᠡᠬᠦ ᠪᠠᠷ ᠲᠣᠭᠲᠠᠭᠰᠠᠨ ᠨᠢ ᠣᠨᠴᠠ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠪᠣᠳᠠᠰᠴᠢ ᠲᠡᠦᠬᠡ ᠶᠢᠨ ᠦᠵᠡᠯᠲᠡ ᠪᠣᠯᠤᠨ ᠨᠠᠮ ᠤᠨ ᠲᠡᠦᠬᠡ ᠶᠢᠨ ᠵᠦᠪ ᠦᠵᠡᠯᠲᠡ ᠶᠢ ᠪᠠᠷᠢᠮᠲᠠᠯᠠᠵᠤ᠂ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠡᠭᠦᠳᠦᠭᠰᠡᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠷᠢᠳᠡ ᠪᠠᠲᠤ ᠴᠡᠭᠡᠵᠢᠯᠡᠵᠤ ᠮᠠᠰᠢ ᠨᠠᠨᠳᠢᠩᠨᠠᠵᠤ᠂ ᠲᠡᠦᠬᠡ ᠪᠠᠷ ᠲᠣᠯᠢ ᠪᠣᠯᠭᠠᠵᠤ᠂ ᠨᠠᠮ ᠢᠶᠠᠷ ᠢᠷᠠᠭᠤ ᠠᠯᠳᠠᠷ ᠪᠣᠯᠭᠠᠵᠤ᠂ ᠤᠯᠠᠮ ᠴᠢᠨᠠᠭᠰᠢᠳᠠ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠲᠡᠦᠬᠡ ᠶᠢ ᠰᠤᠷᠤᠯᠴᠠᠵᠦ ᠶᠣᠰᠣ ᠶᠢ ᠣᠶᠢᠯᠠᠭᠠᠬᠤ᠂ ᠲᠡᠦᠬᠡ ᠶᠢ ᠰᠤᠷᠤᠯᠴᠠᠵᠦ ᠢᠳᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠬᠦᠴᠦᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠠᠵᠢᠯ ᠢ ᠲᠤᠪᠤᠶᠢᠯᠭᠠᠨ ᠰᠠᠶᠢᠲᠤᠷ ᠠᠳᠬᠤᠵᠤ᠂ ︽ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠭᠤᠣᠯ ᠭᠠᠷᠳᠠᠴᠠ ᠪᠣᠯᠭᠠᠵᠤ᠂ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠪᠣᠯᠤᠨ ᠤᠯᠠᠨ ᠲᠦᠮᠡᠨ ᠤ ︽ᠪᠠᠴᠢᠮᠲᠠᠵᠦ ᠬᠦᠴᠢᠷᠳᠡᠵᠦ ᠵᠤᠪᠠᠨᠢᠵᠦ ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠲᠤ ᠡᠵᠡᠮᠳᠡᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠠᠷᠭ᠎ᠠ ᠬᠡᠮᠵᠢᠶ᠎ᠡ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠠᠭᠤᠯᠤᠭᠳᠠᠬᠤᠨ ᠲᠠᠢ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠳᠠᠭᠠᠨ ᠵᠠᠯᠠᠭᠤ ᠺᠠᠳ᠋ᠷᠴᠤᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠴᠢᠬᠤᠯᠠ ᠱᠠᠭᠠᠷᠳᠠᠯᠭ᠎ᠠ ᠳᠤᠷᠠᠳᠴᠠᠶ᠃ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠭᠤᠯᠵᠤ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠢᠲᠡᠭᠡᠯ ᠪᠢᠰᠢᠷᠡᠯ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ᠂ ᠪᠣᠳᠠᠲᠠᠢ ᠶᠢ ᠴᠢᠬᠤᠯᠠᠴᠢᠯᠠᠵᠤ᠂ ᠦᠨᠡᠨ ᠠᠴᠠ ᠵᠥᠪ ᠢ ᠡᠷᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠴᠢᠳᠠᠮᠠᠭᠠᠢ ᠪᠠᠷ ᠠᠵᠢᠯᠯᠠᠵᠤ᠂ ᠵᠠᠷᠴᠢᠮ ᠢ ᠪᠠᠷᠢᠮᠲᠠᠯᠠᠵᠤ᠂ ᠵᠣᠷᠢᠭᠲᠠᠢ ᠪᠠᠷ ᠲᠡᠮᠡᠴᠡᠵᠤ᠂ ᠶᠣᠰᠣ ᠲᠦᠷᠢᠮ ᠢ ᠴᠢᠩᠭ᠎ᠠ ᠰᠠᠬᠢᠵᠤ᠂ ᠬᠤᠷᠢᠭ᠎ᠠ ᠱᠤᠭᠤᠮ ᠢ ᠦᠯᠦ ᠳᠠᠪᠠᠵᠤ᠂ ᠰᠢᠷᠭᠠᠭᠤ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠠᠶᠠᠯᠡᠬᠦᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠭᠠᠪᠢᠶ᠎ᠠ ᠪᠠᠶᠢᠭᠤᠯᠵᠤ ᠦᠢᠯᠡᠰ ᠪᠤᠰᠬᠠᠬᠤ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠤᠷᠤᠯᠴᠠᠨ ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠬᠥᠭᠵᠢᠯᠲᠡ ᠲᠡᠩᠴᠡᠭᠦᠷᠢ ᠥᠬᠡᠶ ᠭᠦᠢᠴᠡᠳ ᠥᠬᠡᠶ ᠪᠠᠶᠢᠬᠤ ᠠᠰᠠᠭᠤᠳᠠᠯ ᠳᠤ ᠠᠩᠬᠠᠷᠤᠯ ᠲᠦᠪᠯᠡᠷᠡᠬᠦᠯᠦᠨ ᠪᠣᠳᠠᠲᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠣᠯᠠᠨ ᠲᠦᠮᠡᠨ ᠢ ᠳᠠᠭᠠᠭᠤᠯᠤᠨ ᠬᠠᠮᠲᠤ ᠪᠠᠷ ᠪᠠᠶᠠᠵᠢᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠶ ᠤᠷᠤᠭᠰᠢᠯᠠᠬᠤ ᠬᠡᠷᠡᠭᠲᠡᠶ᠃ ᠬᠦᠨᠳᠦ ᠶᠡᠭᠡ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠵᠠᠩᠭᠢᠯᠠᠭ᠎ᠠ ᠶᠢ ᠠᠳᠬᠤᠵᠤ᠂ ᠭᠡᠮ ᠰᠣᠭᠤᠭ ᠢ ᠠᠷᠢᠯᠭᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠬᠠᠮᠢᠶᠠᠷᠤᠯᠲᠠ ᠶᠢᠨ ᠠᠷᠭ᠎ᠠ ︵ᠲᠥᠰᠦᠯ︶︾ ᠶᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠣᠶ ᠰᠢᠭᠤᠶ ᠨᠤᠳᠤᠭ ᠪᠡᠯᠴᠢᠭᠡᠷ ᠤᠨ ᠬᠥᠭᠵᠢᠯᠲᠡ ᠵᠡᠷᠭᠡ ᠲᠤᠰᠬᠠᠶ ᠲᠥᠯᠥᠪᠵᠢᠭᠦᠯᠭᠡ ᠶᠢ ᠬᠢᠨᠠᠨ ᠵᠥᠪᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ