ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/12

      ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠳᠠᠯ ᠢ ᠭᠦᠨᠵᠡᠭᠡᠢ ᠵᠠᠳᠠᠯᠬᠤ ᠶᠢᠨ ᠬᠠᠮᠲᠤ ᠳᠠᠷᠠᠭᠠᠴᠢ ᠶᠢᠨ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠠᠬᠢᠨ ᠪᠠᠶᠢᠷᠢᠯᠠᠭᠤᠯᠬᠤ ᠶᠢᠨ ᠳᠤᠰᠠᠳᠠ᠂ 9 ᠰᠠᠷ᠎ᠠ ᠶᠢᠨ 11 ᠤ ᠡᠳᠦᠷ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠬᠢᠯᠡᠪᠡ᠃
      ᠯᠢᠨ ᠱᠤᠤ ᠴᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠤᠭᠰᠠᠨ ᠤ ᠳᠠᠷᠠᠭ᠎ᠠ᠂ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠲᠡᠦᠬᠡᠲᠦ ᠴᠢᠨᠠᠷᠲᠠᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠡᠭᠡᠷ᠎ᠡ ᠰᠢᠯᠵᠢᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠳᠤᠷ ᠠᠳᠬᠤᠬᠤ ᠶᠢ ᠤᠬᠠᠮᠰᠠᠷ ᠠᠴᠠ ᠪᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠣᠯᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
      ᠯᠢᠨ ᠱᠤᠤ ᠴᠦᠨ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠶᠢ ᠬᠠᠮᠤᠭ ᠤᠨ ᠪᠠᠴᠢᠮ ᠲᠤᠯᠭᠠᠮ ᠡᠭᠦᠷᠭᠡ ᠪᠣᠯᠭᠠᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠣᠯᠤᠨ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠤ᠂ ᠬᠥᠳᠡᠭᠡ ᠲᠣᠰᠬᠤᠨ ᠤ ᠤᠨᠴᠠᠯᠢᠬᠳᠤ ᠳᠠᠪᠠᠭᠤᠯᠢᠭ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠰᠠᠶᠢᠲᠤᠷ ᠬᠢᠵᠦ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠳᠡᠮᠵᠢᠯᠭᠡ ᠪᠠᠨ ᠴᠢᠩᠭᠠᠳᠬᠠᠵᠤ᠂ ᠨᠡᠶᠢᠭᠡᠮ ᠤᠨ ᠬᠠᠪᠰᠤᠷᠤᠨ ᠲᠡᠳᠬᠦᠬᠦ ᠠᠵᠢᠯ ᠢ ᠪᠦᠲᠦᠭᠡᠯᠴᠢ ᠪᠠᠷ ᠠᠬᠢᠭᠤᠯᠵᠤ᠂ ᠪᠡᠯᠡ ᠮᠥᠩᠭᠦ ᠲᠦᠷᠦᠯ ᠵᠦᠢᠯ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠪᠣᠯᠤᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠤᠨ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠵᠠᠰᠠᠯᠲᠠ ᠶᠢ ᠡᠮᠬᠢ ᠵᠢᠷᠤᠮ ᠲᠠᠢ ᠠᠬᠢᠭᠤᠯᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠪᠦᠬᠦᠯᠢ ᠴᠣᠭᠴᠠ ᠶᠢᠨ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠠᠵᠢᠯ ᠤᠨ ᠰᠢᠰᠲ᠋ᠧᠮ ᠢ ᠰᠢᠯᠤᠭᠤᠳᠬᠠᠵᠤ᠂ ᠱᠠᠯᠠᠪᠳᠠᠭᠤᠯᠤᠨ ᠵᠢᠯᠣᠭᠤᠳᠴᠤ ᠰᠢᠯᠭᠠᠨ ᠦᠨᠡᠯᠡᠬᠦ ᠦᠷ᠎ᠡ ᠪᠦᠲᠦᠮᠵᠢ ᠶᠢ ᠰᠢᠯᠭᠠᠬᠤ ᠶᠢ ᠴᠢᠩᠭᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠵᠦ᠂ ᠪᠦᠲᠦᠮᠵᠢᠲᠡᠢ ᠵᠣᠯᠭᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
      ᠠᠬᠢᠭᠤᠯᠬᠤ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠥᠪᠡᠷᠲᠡᠭᠡᠨ ᠵᠠᠰᠠᠬᠤ ᠣᠷᠣᠨ ᠤ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠪᠦᠷᠢᠯᠳᠦᠬᠦᠨ ᠨᠠᠷ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ