2021 ᠳᠤᠮᠳᠠᠳᠤ ᠤᠯᠤᠰ ᠤᠨ ᠲᠦᠷᠦᠯ ᠲᠡᠮᠳᠡᠭ ᠤᠨ ᠨᠠᠶᠢᠷ ᠤᠨ ᠠᠷᠪᠠᠨ ᠲᠠᠪᠤᠳᠤᠭᠠᠷ ᠬᠤᠭᠤᠴᠠᠭᠠᠨ ᠤ ᠣᠨ ᠤ ᠬᠤᠷᠠᠯ ᠬᠥᠬᠡᠬᠤᠲᠠ ᠳᠤ ᠡᠬᠢᠯᠡᠪᠡ  ᠸᠠᠩ ᠯᠢ ᠰᠢᠶᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2021/9/13

      9 ᠰᠠᠷ᠎ᠠ ᠶᠢᠨ 11᠎ ᠤ ᠡᠳᠦᠷ᠂ 2021 ᠳᠤᠮᠳᠠᠳᠤ ᠤᠯᠤᠰ ᠤᠨ ᠲᠦᠷᠦᠯ ᠲᠡᠮᠳᠡᠭ ᠤᠨ ᠨᠠᠶᠢᠷ ᠤᠨ ᠠᠷᠪᠠᠨ ᠲᠠᠪᠤᠳᠤᠭᠠᠷ ᠬᠤᠭᠤᠴᠠᠭᠠᠨ ᠤ ᠣᠨ ᠤ ᠬᠤᠷᠠᠯ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ

ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠤᠶᠤᠯ ᠪᠠ ᠰᠣᠶᠣᠯ ᠲᠡᠦᠬᠡ ᠰᠤᠷᠤᠯᠴᠠᠯᠭ᠎ᠠ ᠶᠢᠨ ᠵᠥᠪᠯᠡᠯ ᠤᠨ ᠳᠡᠳ᠋ ᠡᠷᠬᠢᠯᠡᠭᠴᠢ ᠶᠧ ᠰᠢᠶᠤᠤ ᠸᠧᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃


0913-2021中国品牌节111.jpg


      ᠸᠠᠩ ᠯᠢ ᠰᠢᠶᠠ᠂ ᠡᠳᠡᠭᠡᠷ ᠵᠢᠯ ᠤᠳ ᠲᠤ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠣᠬᠢᠷᠲᠤᠯ ᠦᠭᠡᠢ ᠪᠠᠶᠢᠬᠤ ᠨᠢ ᠨᠢᠭᠡᠨᠲᠡ ᠥᠪᠥᠷ ᠮᠣᠩᠭᠤᠯ ᠤᠨ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠳᠡᠪᠢᠰᠬᠡᠷ ᠦᠩᠭᠡ ᠪᠤᠯᠵᠤ᠂ ᠰᠢᠨ᠎ᠡ ᠶᠢ ᠡᠭᠦᠳᠬᠦ ᠨᠢ ᠶᠠᠭ ᠥᠪᠥᠷ ᠮᠣᠩᠭᠤᠯ ᠤᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠵᠤ ᠪᠤᠢ᠃ ᠡᠨᠡ ᠨᠢ ᠲᠤᠰ ᠬᠤᠭᠤᠴᠠᠭᠠᠨ ᠤ ᠲᠦᠷᠦᠯ ᠲᠡᠮᠳᠡᠭ ᠤᠨ ᠨᠠᠶᠢᠷ ᠤᠨ ︽ᠪᠣᠬᠢᠷᠲᠤᠯ ᠦᠭᠡᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ︾ ᠭᠡᠬᠦ ᠭᠤᠣᠯ ᠰᠡᠳᠦᠪ ᠲᠠᠢ ᠳᠡᠭᠡᠳᠦ ᠬᠡᠮᠵᠢ᠊ ᠡᠶ᠎ᠡ ᠪᠠᠷ ᠨᠡᠶᠢᠴᠡᠵᠦ ᠪᠠᠶᠢᠨ᠎ᠠ᠃ ᠲᠤᠰ ᠬᠤᠭᠤᠴᠠᠭᠠᠨ ᠤ ᠣᠨ ᠤ ᠬᠤᠷᠠᠯ ᠢ ᠥᠪᠥᠷ ᠮᠣᠩᠭᠤᠯ ᠳᠤ ᠠᠮᠵᠢᠯᠲᠠ ᠲᠠᠢ ᠡᠷᠬᠢᠯᠡᠬᠦ ᠨᠢ ᠯᠠᠪᠲᠠᠢ ᠳᠤᠮᠳᠠᠳᠤ ᠤᠯᠤᠰ ᠤᠨ ᠲᠦᠷᠦᠯ ᠲᠡᠮᠳᠡᠭ ᠤᠨ ᠦᠢᠯᠡᠰ ᠤᠨ ᠬᠥᠭᠵᠢᠯᠲᠡ ᠶᠢ ᠲᠦᠢᠯ ᠤᠨ ᠶᠡᠭᠡ ᠪᠠᠷ ᠠᠬᠢᠭᠤᠯᠵᠤ᠂ ᠥᠪᠥᠷ ᠮᠣᠩᠭᠤᠯ ᠤᠨ ᠲᠦᠷᠦᠯ ᠲᠡᠮᠳᠡᠭ ᠤᠨ ᠪᠠᠶᠢᠭᠤᠯᠤᠯᠲᠠ ᠳᠤ ᠯᠠᠪᠲᠠᠢ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃


0913 2021中国品牌节2.jpg


      ᠸᠠᠩ ᠯᠢ ᠰᠢᠶᠠ᠂ ᠤᠢᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠲᠦᠷᠦᠯ ᠲᠡᠮᠳᠡᠭ ᠢᠶᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠪᠠᠷᠢᠮᠲᠠᠯᠠᠵᠤ᠂ ᠲᠦᠷᠦᠯ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠠᠶᠢᠨ ᠰᠠᠶᠢᠬᠠᠨ ᠡᠵᠡᠩᠨᠡᠯᠲᠡ ᠶᠢᠨ ᠬᠡᠯᠪᠡᠷᠢ ᠶᠢᠨ ᠠᠮᠢ ᠠᠬᠤᠢ ᠶᠢ ᠢᠳᠡᠪᠬᠢᠲᠡᠢ ᠪᠤᠢ ᠪᠣᠯᠭᠠᠵᠤ᠂ ᠲᠦᠷᠦᠯ ᠲᠡᠮᠳᠡᠭ ᠤᠨ ᠪᠤᠶᠢᠵᠢᠯᠲᠠ ᠳᠤ ᠦᠩ ᠰᠢᠮᠡᠯᠢᠭ ᠬᠥᠷᠥᠰᠥ ᠬᠠᠩᠭᠠᠪᠠ᠃ ᠳᠤᠮᠳᠠᠳᠤ ᠤᠯᠤᠰ ᠤᠨ ᠲᠦᠷᠦᠯ ᠲᠡᠮᠳᠡᠭ ᠢ ᠡᠬᠦᠳᠬᠦ᠂ ᠵᠠᠭᠤᠨ ᠵᠢᠯ ᠤᠨ ᠨᠡᠷᠡᠲᠦ ᠠᠵᠤ ᠠᠬᠤᠶᠢᠯᠠᠯ ᠢ ᠴᠣᠭᠴᠠᠯᠠᠬᠤ ᠳᠤ ᠦᠪᠦᠷ ᠮᠤᠩᠭᠤᠯ ᠲᠤᠩ ᠶᠡᠭᠡ ᠬᠦᠭᠵᠢᠯᠲᠡ ᠶᠢᠨ ᠣᠷᠣᠨ ᠵᠠᠢ ᠲᠠᠢ ᠪᠦᠭᠡᠳ ᠨᠦᠭᠡᠴᠠ ᠬᠦᠴᠤᠨ ᠲᠠᠢ ᠪᠠᠶᠢᠭ᠎ᠠ ᠶᠤᠮ᠃ ᠵᠠᠰᠠᠭ ᠵᠠᠬᠢᠷᠭᠠᠨ᠂ ᠠᠷᠠᠯᠵᠢᠶ᠎ᠠ ᠬᠤᠳᠠᠯᠳᠤᠭ᠎ᠠ᠂ ᠡᠷᠳᠡᠮ ᠰᠢᠨᠵᠢᠯᠡᠭᠡᠨ ᠤ ᠡᠲᠡᠭᠡᠳ ᠤᠨ ᠰᠤᠳᠤᠴᠤᠤᠯ ᠥᠪᠥᠷ ᠮᠣᠩᠭᠤᠯ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢᠨ ᠦᠢᠯᠡᠰ ᠲᠤ ᠠᠷᠭ᠎ᠠ ᠪᠤᠳᠤᠯᠭ᠎ᠠ ᠪᠠᠨ ᠳᠡᠪᠰᠢᠭᠦᠯᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠰᠠᠶᠢᠳᠤᠷ ᠡᠷᠭᠦᠵᠦ᠂ ᠥᠪᠥᠷ ᠮᠣᠩᠭᠤᠯ ᠢ ᠬᠠᠪᠰᠤᠷᠤᠨ ᠲᠦᠷᠦᠯ ᠲᠡᠮᠳᠡᠭ ᠤᠨ ᠦᠯᠢᠭᠡᠷ ᠢ ᠰᠠᠶᠢᠲᠤᠷ ᠶᠠᠷᠢᠵᠤ᠂ ᠲᠦᠷᠦᠯ ᠲᠡᠮᠳᠡᠭ ᠤᠨ ᠲᠠᠭᠤᠨ ᠢ ᠳᠠᠮᠵᠢᠭᠤᠯᠵᠤ᠂ ᠲᠦᠷᠦᠯ ᠲᠡᠮᠳᠡᠭ ᠤᠨ ᠲᠦᠷᠢ ᠲᠥᠷᠬᠦ ᠶᠢ ᠢᠯᠡᠷᠡᠭᠦᠯᠬᠦ ᠶᠢ ᠬᠦᠰᠡᠵᠦ ᠪᠠᠶᠢᠨ᠎ᠠ᠃ ᠤᠯᠠᠨ ᠢᠶᠠᠷ ᠢᠶᠠᠨ ᠥᠪᠥᠷ ᠮᠣᠩᠭᠤᠯ ᠳᠤ ᠢᠷᠡᠵᠤ᠂ ᠥᠪᠥᠷ ᠮᠣᠩᠭᠤᠯ ᠢ ᠤᠢᠢᠯᠠᠭᠠᠵᠤ᠂ ᠥᠪᠥᠷ ᠮᠣᠩᠭᠤᠯ ᠢ ᠬᠠᠶᠢᠷᠠᠯᠠᠵᠤ᠂ ᠬᠥᠭᠵᠢᠯᠲᠡ ᠶᠢᠨ ᠠᠤᠭ᠎ᠠ ᠲᠥᠰᠦᠪ ᠢᠶᠠᠨ ᠥᠪᠥᠷ ᠮᠣᠩᠭᠤᠯ ᠳᠤ ᠵᠢᠷᠤᠭᠯᠠᠵᠤ᠂ ᠠᠵᠢᠯ ᠦᠢᠯᠡᠰ ᠤᠨ ᠰᠠᠭᠤᠷᠢ ᠪᠠᠨ ᠥᠪᠥᠷ ᠮᠣᠩᠭᠤᠯ ᠳᠤ ᠦᠨᠳᠦᠰᠦᠯᠡᠬᠦᠯᠵᠤ᠂ ᠨᠡᠩ ᠤᠯᠠᠨ ᠲᠦᠷᠦᠯ ᠵᠦᠢᠯ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠵᠤ᠂ ᠥᠪᠥᠷ ᠮᠣᠩᠭᠤᠯ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠤᠯᠵᠤ᠂ ᠴᠢᠩ ᠦᠨᠡᠨᠴᠢ ᠪᠠᠷ ᠭᠠᠷ ᠬᠤᠯᠪᠣᠯᠴᠠᠨ᠂ ᠢᠳᠡᠭᠡᠮᠵᠢᠳᠠᠢ ᠪᠠᠷ ᠬᠠᠮᠲᠤᠷᠠᠯᠴᠠᠵᠤ᠂ ᠤᠬᠢ ᠰᠢᠯᠢᠳᠡᠭ ᠲᠦᠷᠦᠯ ᠲᠡᠮᠳᠡᠭ ᠢ ᠬᠠᠮᠲᠤ ᠪᠠᠷ ᠪᠠᠶᠢᠭᠤᠯᠵᠤ᠂ ᠴᠢᠨᠠᠷ ᠰᠠᠶᠢᠲᠠᠢ ᠠᠮᠢᠳᠤᠷᠠᠯ ᠢ ᠬᠠᠮᠲᠤ ᠪᠠᠷ ᠡᠳ᠋ᠯᠡᠵᠦ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠪᠡ᠃
      ᠣᠶᠢᠯᠠᠭᠠᠭᠰᠠᠨ ᠢᠶᠠᠷ᠂ 2007 ᠣᠨ ᠳᠤ ᠡᠬᠦᠰᠬᠡᠨ ᠡᠷᠬᠢᠯᠡᠭᠰᠡᠨ ᠠᠴᠠ ᠨᠠᠭᠠᠰᠢ᠂ ᠳᠤᠮᠳᠠᠳᠤ ᠤᠯᠤᠰ ᠤᠨ ᠲᠦᠷᠦᠯ ᠲᠡᠮᠳᠡᠭ ᠤᠨ ᠨᠠᠶᠢᠷ ᠨᠢᠭᠡᠨᠲᠡ ᠪᠥᠬᠦ ᠤᠯᠤᠰ ᠤᠨ ᠶᠡᠭᠡ ᠳᠤᠮᠳᠠ ᠬᠤᠲᠠ ᠳᠤ 14 ᠬᠤᠭᠤᠴᠠᠭ᠎ᠠ ᠠᠮᠵᠢᠯᠲᠠ ᠲᠠᠢ ᠶᠠᠪᠤᠭᠳᠠᠵᠤ᠂ ᠤᠯᠤᠰ ᠤᠨ ᠳᠣᠲᠣᠭᠠᠳᠤ ᠶᠢᠨ ᠪᠡᠶ᠎ᠡ ᠪᠠᠨ ᠳᠠᠭᠠᠭᠠᠭᠰᠠᠨ ᠲᠦᠷᠦᠯ ᠲᠡᠮᠳᠡᠭ ᠤᠨ ᠰᠣᠯᠢᠯᠴᠠᠭ᠎ᠠ ᠬᠢᠵᠦ ᠬᠠᠷᠢᠯᠴᠠᠨ ᠲᠣᠯᠢ ᠪᠤᠯᠭᠠᠵᠤ᠂ ᠨᠥᠯᠥᠭᠡ ᠲᠤᠰᠬᠠᠯ ᠢᠶᠠᠨ ᠥᠷᠭᠡᠳᠬᠡᠬᠦ ᠳᠤ ᠴᠢᠬᠤᠯᠠ ᠲᠠᠪᠴᠠᠩ ᠬᠠᠩᠭᠠᠭᠰᠠᠨ ᠪᠠᠶᠢᠨ᠎ᠠ᠃ ᠲᠤᠰ ᠬᠤᠭᠤᠴᠠᠭᠠᠨ ᠤ ᠲᠦᠷᠦᠯ ᠲᠡᠮᠳᠡᠭ ᠤᠨ ᠨᠠᠶᠢᠷ ᠨᠢ ᠪᠦᠬᠦ ᠤᠯᠤᠰ ᠤᠨ ᠵᠠᠰᠠᠭ ᠵᠠᠬᠢᠷᠭᠠᠨ᠂ ᠠᠷᠠᠯᠵᠢᠶ᠎ᠠ ᠬᠤᠳᠠᠯᠳᠤᠭ᠎ᠠ᠂ ᠡᠷᠳᠡᠮ ᠰᠢᠨᠵᠢᠯᠡᠭᠡᠨ ᠤ 1000 ᠭᠠᠷᠤᠢ ᠬᠦᠮᠦᠨ ᠢ ᠤᠷᠢᠵᠤ᠂ ᠲᠦᠷᠦᠭᠦᠴᠦᠳ ᠤᠨ ᠶᠠᠷᠢᠯᠴᠠᠭ᠎ᠠ᠂ ᠠᠵᠢᠯ ᠲᠦᠷᠦᠯ ᠤᠨ ᠶᠠᠷᠢᠶᠠᠨ ᠤ ᠲᠠᠪᠴᠠᠩ᠂ ᠪᠡᠯᠡ ᠣᠷᠣᠭᠤᠯᠤᠯᠲᠠ ᠶᠢᠨ ᠲᠠᠨᠢᠯᠴᠠᠭᠤᠯᠭ᠎ᠠ᠂ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠨ ᠥᠪᠥᠷ ᠮᠣᠩᠭᠤᠯ ᠤᠨ ᠲᠦᠷᠦᠯ ᠲᠡᠮᠳᠡᠭ ᠤᠨ ᠪᠠᠶᠢᠭᠤᠯᠤᠯᠲᠠ ᠳᠤ ᠠᠷᠭ᠎ᠠ ᠪᠤᠳᠤᠯᠭ᠎ᠠ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠬᠦ ᠪᠠᠷ ᠵᠣᠷᠢᠯᠲᠠ ᠪᠣᠯᠭᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ