ᠢᠯᠢ ᠣᠲᠣ ᠦᠶ᠎ᠡ ᠶᠢᠨ ᠣᠶᠢᠳᠳᠤ ᠡᠷᠡᠭᠦᠯ ᠮᠡᠨᠳᠦ ᠶᠢᠨ ᠬᠥᠨᠲᠠᠢ ᠶᠢᠨ ᠠᠵᠤ ᠦᠶᠯᠡᠰ ᠪᠠ ᠬᠤᠲᠠ ᠶᠢ ᠠᠭᠤᠰᠤᠯᠴᠠᠭᠤᠯᠬᠤ ᠭᠤᠤᠯᠳᠠᠯᠭ᠎ᠠ ᠲᠠᠢ ᠲᠥᠷᠥᠯ ᠵᠦᠶᠯ ᠤᠨ ᠪᠠᠷᠢᠯᠭ᠎ᠠ ᠡᠬᠢᠯᠡᠬᠦ ᠲᠤᠬᠠᠢ ᠶᠢᠨ ᠲᠠᠯᠠᠪᠠᠢ ᠶᠢᠨ ᠬᠤᠷᠠᠯ ᠬᠥᠬᠡᠬᠤᠲᠠ ᠳᠤ ᠬᠤᠷᠠᠯᠳᠤᠪᠠ  ᠸᠠᠩ ᠯᠢ ᠰᠢᠶᠠ ᠣᠷᠣᠯᠴᠠᠪᠠ
ᠨᠡᠶᠢᠲᠡᠯᠡᠭᠰᠡᠨ ᠴᠠᠭ᠄
2021/9/13

      9 ᠰᠠᠷ᠎ᠠ ᠶᠢᠨ 12 ᠤᠨ ᠡᠳᠦᠷ᠂ ᠢᠯᠢ ᠣᠲᠣ ᠦᠶ᠎ᠡ ᠶᠢᠨ ᠣᠶᠤᠨᠳᠤ ᠡᠷᠡᠭᠦᠯ ᠮᠡᠨᠳᠦ ᠶᠢᠨ ᠬᠥᠨᠲᠡᠢ ᠶᠢᠨ ᠠᠵᠤ ᠦᠶᠯᠡᠰ ᠪᠠ ᠬᠤᠲᠠ ᠶᠢ ᠠᠭᠤᠰᠤᠯᠴᠠᠭᠤᠯᠬᠤ ᠭᠤᠤᠯᠳᠠᠯᠭ᠎ᠠ ᠲᠠᠢ ᠲᠥᠷᠥᠯ ᠵᠦᠶᠯ ᠤᠨ ᠪᠠᠷᠢᠯᠭ᠎ᠠ ᠡᠬᠢᠯᠡᠬᠦ ᠲᠤᠬᠠᠢ ᠶᠢᠨ ᠲᠠᠯᠠᠪᠠᠢ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠭᠰᠠᠨ ᠪᠥᠭᠡᠳ ᠲᠥᠷᠥᠯ ᠵᠦᠶᠯ ᠤᠨ ᠪᠠᠷᠢᠯᠭ᠎ᠠ ᠶᠢ ᠡᠬᠢᠯᠡᠬᠦᠯᠬᠦ ᠰᠠᠭᠤᠷᠢ ᠲᠠᠯᠪᠢᠬᠤ ᠶᠤᠰᠤᠯᠠᠯ ᠳᠤ ᠤᠷᠤᠯᠴᠠᠵᠠᠢ᠃

1.jpg

 

      ᠲᠤᠬᠠᠢ ᠶᠢᠨ ᠲᠠᠯᠠᠪᠠᠢ ᠶᠢᠨ ᠬᠤᠷᠠᠯ ᠳᠡᠭᠡᠷ᠎ᠡ᠂ ᠢᠯᠢ ᠪᠢᠰᠢᠯᠠᠬ ᠤᠨ ᠪᠥᠬᠦ ᠪᠥᠮᠪᠥᠷᠴᠡᠭ ᠤᠨ ᠥᠯᠢᠭᠡᠷ ᠬᠡᠪ ᠰᠠᠭᠤᠷᠢᠨ᠂ ᠵᠢᠶ ᠬᠤᠩ ᠤᠶᠤᠨᠲᠤ ᠣᠷᠴᠢᠨ ᠲᠣᠭᠤᠷᠢᠨ ᠢ ᠬᠠᠮᠠᠭᠠᠯᠠᠬᠤ ᠪᠣᠭᠤᠳᠠᠯ ᠤᠨ ᠠᠵᠤ ᠦᠶᠯᠡᠰ ᠤᠨ ᠬᠦᠷᠢᠶᠡᠯᠡᠩ᠂ ᠾᠧ ᠵᠥᠩ ᠴᠤᠸᠠᠩ ᠶᠠ ᠤᠶᠤᠨᠲᠤ ᠣᠷᠴᠢᠨ ᠲᠣᠭᠤᠷᠢᠨ ᠢ ᠬᠠᠮᠠᠭᠠᠯᠠᠬᠤ ᠪᠣᠭᠤᠳᠠᠯ ᠤᠨ ᠦᠶᠯᠡᠳᠬᠦᠨ ᠵᠡᠷᠭᠡ 3 ᠬᠤᠯᠪᠣᠭᠠᠳᠤ ᠠᠵᠤ ᠦᠶᠯᠡᠰ ᠤᠨ ᠲᠥᠷᠥᠯ ᠵᠦᠶᠯ ᠵᠢᠴᠢ ᠢᠯᠢ ᠣᠲᠣ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠬᠦᠨᠳᠡᠢ ᠶᠢᠨ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠴᠡᠯᠡᠭᠡᠷ ᠲᠠᠯ᠎ᠠ ᠬᠤᠪᠢᠶᠠᠷᠢ ᠰᠤᠷᠭᠠᠭᠤᠯᠢ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠴᠡᠯᠡᠭᠡᠷ ᠲᠠᠯ᠎ᠠ ᠬᠤᠪᠢᠶᠠᠷᠢ ᠰᠤᠷᠭᠠᠭᠤᠯᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠴᠡᠯᠡᠭᠡᠷ ᠲᠠᠯ᠎ᠠ ᠬᠤᠪᠢᠶᠠᠷᠢ ᠰᠤᠷᠭᠠᠭᠤᠯᠢ ᠵᠡᠷᠬᠡ ᠨᠡᠶᠢᠭᠡᠮ ᠤᠨ ᠠᠵᠢᠯ ᠦᠶᠯᠡᠰ ᠤᠨ 4 ᠲᠥᠷᠥᠯ ᠵᠦᠶᠯ ᠢ ᠲᠥᠪᠯᠡᠷᠡᠭᠦᠯᠦᠨ ᠪᠠᠷᠢᠯᠭ᠎ᠠ ᠡᠬᠢᠯᠡᠭᠦᠯᠦᠭᠰᠡᠨ ᠨᠢ ᠢᠯᠢ ᠣᠲᠣ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠬᠥᠨᠲᠡᠢ ᠶᠢᠨ ᠪᠦᠬᠦᠯᠢ ᠴᠣᠭᠴᠠ ᠶᠢᠨ ᠪᠥᠲᠥᠭᠡᠨ ᠪᠠᠶᠢᠭᠤᠯᠤᠯᠲᠠ ᠶᠢᠨ ᠪᠦᠲᠦᠴᠡ ᠠᠩᠬ᠎ᠠ ᠠᠯᠬᠤᠮ ᠪᠦᠷᠢᠯᠳᠦᠭᠰᠡᠨ ᠢ ᠬᠠᠷᠠᠭᠤᠯᠵᠤ ᠪᠤᠢ᠃

      ᠣᠶᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠢᠳᠡᠪᠬᠢᠲᠡᠶ ᠰᠦᠪᠡᠭᠴᠢᠯᠡᠵᠦ᠂ ᠪᠣᠬᠢᠷᠲᠤᠯ ᠥᠬᠡᠶ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠮᠠᠨ ᠤ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠴᠢᠬᠤᠯᠠ ᠰᠠᠭᠤᠷᠢᠨ ᠢ ᠲᠦᠷᠭᠡᠳᠬᠡᠨ ᠪᠠᠶᠢᠭᠤᠯᠵᠤ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠦᠨ᠂ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠨᠢᠭᠡ ᠪᠦᠯᠦᠭ ᠠᠵᠤ ᠦᠶᠯᠡᠰ ᠤᠨ ᠪᠦᠯᠦᠭᠵᠢᠯ ᠤᠨ ᠲᠥᠷᠥᠯ ᠵᠦᠶᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠡᠭᠦᠨ ᠳᠤ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠲᠡᠢ ᠪᠣᠯ ᠢᠯᠢ ᠪᠦᠯᠦᠭᠯᠡᠯ ᠤᠨ ᠪᠥᠬᠦ ᠪᠥᠮᠪᠥᠷᠴᠡᠭ ᠤᠨ ᠬᠠᠮᠲᠤᠷᠠᠯᠴᠠᠭᠠᠨ ᠤ ᠬᠠᠨᠢᠲᠠᠨ ᠯᠤᠭ᠎ᠠ ᠭᠠᠷ ᠬᠤᠯᠪᠣᠨ᠂ ᠬᠥᠬᠡᠬᠤᠲᠠ ᠳᠤ ᠥᠨᠳᠥᠷ ᠭᠠᠷᠤᠭ᠎ᠠ ᠠᠴᠠ ᠲᠥᠯᠥᠪᠵᠢᠭᠦᠯᠦᠨ ᠪᠠᠶᠢᠭᠤᠯᠤᠭᠰᠠᠨ ᠣᠶᠤᠨᠲᠤ ᠦᠶᠯᠡᠳᠬᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠲᠤᠯᠲᠠ᠂ ᠠᠵᠤ ᠦᠶᠯᠡᠳᠪᠦᠷᠢ ᠶᠢᠨ ᠵᠢᠭᠤᠯᠴᠢᠯᠠᠯ᠂ ᠬᠤᠳᠠᠯᠳᠤᠭᠠᠨ ᠤ ᠢᠵᠢ ᠪᠥᠷᠢᠳᠦᠭᠦᠯᠦᠯᠲᠡ ᠶᠢ ᠨᠢᠭᠡ ᠴᠣᠭᠴᠠᠵᠢᠭᠤᠯᠤᠭᠰᠠᠨ ᠪᠥᠬᠦ ᠳᠡᠯᠡᠬᠡᠶ ᠶᠢᠨ ᠲᠡᠷᠢᠭᠦᠨ ᠤ ᠰᠦ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶᠢᠯᠡᠭᠰᠡᠨ ᠴᠣᠭᠴᠠ ᠪᠣᠯᠤᠨ᠎ᠠ᠂ ︽ᠠᠵᠤ ᠦᠶᠯᠡᠰ ᠨᠢ ᠬᠤᠳᠠ ᠳᠤ ᠪᠠᠶᠢᠵᠤ᠂ ᠬᠤᠲᠠ ᠨᠢ ᠠᠵᠤ ᠦᠶᠯᠡᠰ ᠤᠨ ᠳᠤᠮᠳᠠ ᠬᠦᠭᠵᠢᠵᠦ᠂ ᠠᠵᠤ ᠦᠶᠯᠡᠰ ᠢᠶᠠᠷ ᠬᠤᠲᠠ ᠶᠢ ᠠᠬᠢᠭᠤᠯᠵᠤ᠂ ᠬᠤᠲᠠ ᠪᠠᠷ ᠠᠵᠤ ᠦᠶᠯᠡᠰ ᠢ ᠬᠥᠭᠵᠢᠭᠦᠯᠬᠦ︾ ᠠᠵᠤ ᠦᠶᠯᠡᠰ ᠪᠠ ᠬᠤᠲᠠ ᠶᠢ ᠠᠭᠤᠰᠤᠯᠴᠠᠭᠤᠯᠬᠤ ᠰᠢᠨ᠎ᠡ ᠵᠠᠭᠪᠤᠷ ᠢ ᠪᠠᠶᠢᠭᠤᠯᠬᠤ ᠪᠠᠷ ᠵᠤᠷᠢᠯᠭ᠎ᠠ ᠪᠤᠯᠭᠠᠪᠠ᠃ ᠲᠣᠰ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠨᠢ ᠥᠪᠥᠷ ᠮᠣᠩᠭᠤᠯ ᠤᠨ ᠰᠦ ᠶᠢᠨ ᠦᠶᠯᠡᠰ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠪᠠ ᠪᠥᠬᠦ ᠪᠥᠮᠪᠥᠷᠴᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃

      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠲᠤᠰ ᠡᠳᠦᠷ ᠤᠨ ᠪᠠᠷᠢᠯᠭ᠎ᠠ ᠡᠬᠢᠯᠡᠭᠰᠡᠨ ᠬᠡᠰᠡᠭ ᠲᠦᠷᠦᠯ ᠵᠦᠢᠯ ᠢ ᠲᠣᠭᠤᠷᠢᠨ ᠦᠵᠡᠪᠡ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ