ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ︽ᠡᠭᠦᠳᠡ ᠪᠠᠨ ᠨᠡᠭᠡᠭᠡᠵᠦ ᠴᠡᠭᠴᠡᠯᠡᠯᠲᠡ ᠬᠢᠬᠦ︾ ᠵᠠᠭᠤᠴᠢᠯᠠᠭᠤᠷ ᠤᠨ ᠶᠠᠷᠢᠯᠴᠠᠬᠤ ᠬᠤᠷᠠᠯ ᠬᠤᠷᠠᠯᠳᠤᠭᠤᠯᠪᠠ  ᠾᠧᠩ ᠰᠢᠶᠤᠤ ᠹᠠᠨ ᠬᠤᠷᠠᠯ ᠳᠤ ᠣᠷᠣᠯᠴᠠᠭᠰᠠᠨ ᠬᠥᠮᠥᠰ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ
ᠨᠡᠶᠢᠲᠡᠯᠡᠭᠰᠡᠨ ᠴᠠᠭ᠄
2021/9/13
      9 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ︽ᠡᠭᠦᠳᠡ ᠪᠠᠨ ᠨᠡᠭᠡᠭᠡᠵᠦ ᠴᠡᠭᠴᠡᠯᠡᠯᠲᠡ ᠬᠢᠬᠦ︾ ᠵᠠᠭᠤᠴᠢᠯᠠᠭᠤᠷ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠮᠠᠨ ᠤ ᠣᠷᠣᠨ ᠳᠤ ᠰᠠᠭᠤᠭ᠎ᠠ ᠲᠥᠪ ᠤᠨ ᠰᠣᠨᠢᠨ ᠮᠡᠳᠡᠭᠡᠨ ᠤ ᠨᠢᠭᠡᠴᠢ ᠪᠠ ᠦᠪᠡᠷᠲᠡᠭᠡᠨ ᠵᠠᠰᠠᠬᠤ ᠤᠷᠤᠨ ᠤ ᠲᠡᠰ ᠤᠨ ᠰᠤᠨᠢᠨ ᠮᠡᠳᠡᠭᠡᠨ ᠤ ᠨᠢᠭᠡᠴᠢ ᠶᠢᠨ ᠭᠤᠣᠯ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠨᠥᠬᠦᠳ᠂ ᠭᠤᠣᠯ ᠪᠣᠯᠬᠤ ᠰᠢᠨ᠎ᠡ ᠵᠠᠭᠤᠴᠢᠯᠠᠭᠤᠷ ᠤᠨ ᠬᠠᠷᠢᠭᠤᠴᠠᠯᠭᠠᠲᠠᠨ᠂ ᠰᠤᠷᠪᠤᠯᠵᠢᠯᠠᠭᠴᠢ ᠶᠢ ᠤᠷᠢᠵᠤ᠂ ᠬᠥᠮᠦᠵᠢᠯ ᠴᠡᠭᠴᠡᠯᠡᠯᠲᠡ ᠶᠢ ᠴᠢᠨᠠᠷ ᠰᠠᠶᠢᠲᠠᠢ ᠥᠷᠨᠢᠭᠦᠯᠬᠦ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠳᠤ ᠣᠷᠣᠯᠴᠠᠭᠰᠠᠨ ᠬᠥᠮᠥᠰ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃      ᠾᠧᠩ ᠰᠢᠶᠤᠤ ᠹᠠᠨ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠪᠣᠯ ᠬᠠᠮᠤᠭ ᠤᠨ ᠪᠠᠶᠢᠩᠭᠤ ᠶᠢᠨ᠂ ᠢᠯᠡ᠂ ᠥᠷᠭᠡᠨ ᠳᠡᠯᠭᠡᠷ ᠨᠢᠭᠡ ᠵᠦᠢᠯ ᠤᠨ ᠬᠢᠨᠠᠯᠲᠠ ᠲᠠᠯᠪᠢᠬᠤ ᠠᠷᠭ᠎ᠠ ᠬᠡᠯᠪᠡᠷᠢ ᠪᠣᠯᠤᠨ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠠᠶᠢᠵᠢᠷᠠᠭᠤᠯᠬᠤ ᠴᠢᠬᠤᠯᠠ ᠠᠷᠭ᠎ᠠ ᠵᠠᠮ ᠪᠣᠯᠤᠨ᠎ᠠ᠃ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠣᠨᠢᠨ ᠮᠡᠳᠡᠭᠡᠨ ᠤ ᠤᠯᠠᠮᠵᠢᠯᠠᠬᠤ ᠵᠢᠮ᠎ᠡ ᠶᠣᠰᠣ ᠶᠢ ᠬᠦᠨᠳᠦᠳᠬᠡᠨ᠂ ᠰᠣᠨᠢᠨ ᠮᠡᠳᠡᠭᠡᠨ ᠤ ᠵᠠᠭᠤᠴᠢᠯᠠᠭᠤᠷ ᠯᠤᠭ᠎ᠠ ᠬᠠᠷᠢᠯᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠢᠳᠡᠪᠬᠢᠲᠡᠶ ᠬᠠᠮᠵᠢᠯᠴᠠᠨ᠂ ᠨᠢᠭᠲᠠ ᠵᠤᠬᠢᠴᠠᠯᠳᠤᠵᠤ᠂ ᠰᠣᠨᠢᠨ ᠮᠡᠳᠡᠭᠡᠨ ᠤ ᠮᠡᠳᠡᠭᠡᠯᠡᠯ ᠤᠨ ᠰᠠᠶᠢᠨ ᠰᠠᠶᠢᠬᠠᠨ ᠤᠯᠤᠰ ᠲᠥᠷᠥ ᠶᠢᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ᠂ ᠶᠠᠷᠢᠶ᠎ᠠ ᠬᠡᠯᠡᠯᠴᠡᠭᠡᠨ ᠤ ᠦᠷ᠎ᠡ ᠪᠦᠲᠦᠮᠵᠢ ᠪᠣᠯᠤᠨ ᠨᠡᠶᠢᠭᠡᠮ ᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠡᠭᠦᠳᠡ ᠪᠠᠨ ᠨᠡᠭᠡᠭᠡᠵᠦ ᠴᠡᠭᠴᠡᠯᠡᠯᠲᠡ ᠬᠢᠬᠦ︾ ᠶᠢ ᠪᠣᠳᠠᠲᠠᠢ ᠠᠳᠬᠤᠵᠤ ᠨᠠᠷᠢᠯᠢᠭ ᠠᠳᠬᠤᠵᠤ᠂ ᠬᠥᠮᠦᠵᠢᠯ ᠴᠡᠭᠴᠡᠯᠡᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠥᠷᠭᠡᠨ ᠢᠶᠠᠷ ᠰᠠᠨᠠᠯ ᠰᠣᠨᠣᠰᠬᠤ᠂ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠬᠦ᠂ ᠨᠠᠶᠢᠳᠠᠪᠤᠷᠢᠵᠢᠭᠤᠯᠤᠯᠲᠠ ᠴᠡᠭᠴᠡᠯᠡᠯᠳᠠ ᠶᠢ ᠰᠠᠶᠢᠲᠤᠷ ᠬᠢᠬᠦ᠂ ᠴᠠᠭ ᠲᠤᠬᠠᠢ ᠳᠤᠨᠢ ᠵᠠᠷᠯᠠᠨ ᠮᠡᠳᠡᠭᠳᠡᠵᠦ ᠬᠠᠷᠢᠭᠤ ᠲᠤᠰᠬᠠᠬᠤ ᠠᠵᠢᠯ ᠤᠨ ᠪᠢᠲᠡᠭᠦᠮᠵᠢᠲᠦ ᠭᠤᠭᠴᠤᠭ᠎ᠠ ᠶᠢ ᠴᠢᠷᠮᠠᠶᠢᠨ ᠪᠦᠷᠢᠯᠳᠦᠭᠦᠯᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠮᠤᠭᠤᠯᠠᠩᠲᠤ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ᠂ ᠴᠠᠭᠳᠠᠭ᠎ᠠ ᠵᠠᠭᠤᠴᠢᠯᠠᠭᠤᠷ ᠲᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠰᠠᠶᠢᠨ ᠰᠠᠶᠢᠬᠠᠨ ᠪᠠᠶᠢᠳᠠᠯ ᠢ ᠬᠠᠮᠲᠤ ᠪᠠᠷ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ