ᠮᠠᠨ ᠤ ᠤᠯᠤᠰ ᠤᠨ ᠠᠩᠬᠠᠳᠠᠭᠴᠢ ᠮᠢᠩᠭᠠᠨ ᠲᠣᠨ ᠤ ᠲᠠᠰ ᠤᠨ ᠵᠠᠪᠰᠠᠷ ᠤᠨ ᠰᠦᠪᠡᠲᠦ ᠬᠤᠶᠠᠷ ᠬᠥᠩᠭᠡᠨᠴᠠᠭᠠᠨ ᠤ ᠭᠤᠷᠪᠠᠴᠢ ᠢᠰᠦᠯ ᠤᠨ ᠳᠤᠮᠳᠠ ᠵᠡᠷᠭᠡ ᠶᠢᠨ ᠲᠤᠷᠰᠢᠯᠲᠠ ᠶᠢᠨ ᠦᠢᠯᠡᠳᠪᠦᠷᠢᠯᠡᠯ ᠤᠨ ᠱᠤᠭᠤᠮ ᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2021/9/13
      ᠮᠠᠨ ᠤ ᠤᠯᠤᠰ ᠤᠨ ᠠᠩᠬᠠᠳᠠᠭᠴᠢ ᠮᠢᠩᠭᠠᠨ ᠲᠣᠨ ᠤ ᠲᠠᠰ ᠤᠨ ︽ᠵᠠᠪᠰᠠᠷ ᠤᠨ ᠰᠦᠪᠡᠲᠦ ᠨᠠᠨᠦᠮᠧᠲᠷ ᠤᠨ ᠬᠤᠶᠠᠷ ᠬᠥᠩᠭᠡᠨᠴᠠᠭᠠᠨ ᠤ ᠭᠤᠷᠪᠠᠴᠢ ᠢᠰᠦᠯ︾ ᠤᠨ ᠳᠤᠮᠳᠠ ᠵᠡᠷᠭᠡ ᠶᠢᠨ ᠲᠤᠷᠰᠢᠯᠲᠠ ᠶᠢᠨ ᠦᠢᠯᠡᠳᠪᠦᠷᠢᠯᠡᠯ ᠤᠨ ᠱᠤᠭᠤᠮ ᠢ ᠶᠠᠭ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠱᠠᠯᠠᠪᠳᠠᠨ ᠪᠠᠶᠢᠭᠤᠯᠵᠤ ᠪᠣᠶ᠃ ᠣᠳᠣᠬᠠᠨ ᠳᠤ ᠢᠨᠵᠧᠨᠧᠷᠢᠩ ᠤᠨ ᠪᠥᠬᠦ ᠬᠡᠮᠵᠢᠶ᠎ᠡ ᠶᠢᠨ 80% ᠶᠢ ᠪᠡᠶᠡᠯᠡᠭᠦᠯᠵᠦ᠂ ᠵᠢᠱᠢᠯᠲᠡ ᠪᠠᠷ ᠡᠨᠡ ᠵᠢᠯ ᠤᠨ ᠡᠴᠦᠰ ᠲᠤ ᠠᠰᠢᠭᠯᠠᠯᠲᠠ ᠳᠤ ᠣᠷᠣᠭᠤᠯᠤᠨ᠎ᠠ᠃ ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠬᠤᠭᠤᠰᠣᠨ ᠢ ᠨᠥᠬᠦᠪᠥᠷᠢᠯᠡᠵᠦ᠂ ᠣᠳᠣᠬᠠᠨ ᠤ ︽ᠤᠰᠤᠲᠥ᠋ᠷᠥᠭᠴᠢ ᠶᠢ ᠬᠠᠳᠠᠭᠠᠯᠠᠬᠤ︾ ᠪᠠ ︽ᠲᠡᠭᠡᠭᠡᠪᠦᠷᠢᠯᠡᠬᠦ︾ ᠳᠡᠯᠡᠬᠡᠢ ᠶᠢᠨ ᠴᠢᠨᠠᠷᠲᠠᠢ ᠬᠤᠶᠠᠷ ᠶᠡᠭᠡ ᠬᠦᠴᠢᠷ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠵᠦ᠂ ᠪᠤᠭᠤᠲᠤ ᠬᠤᠳᠠ ᠶᠢᠨ ᠳᠣᠣᠷ᠎ᠠ ᠨᠡᠭᠦᠷᠡᠰᠦᠲᠥ᠋ᠷᠥᠭᠴᠢᠲᠦ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠯᠣᠨ᠎ᠠ᠃      ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠤᠮᠳᠠᠳᠤ ᠤᠯᠤᠰ ᠤᠨ ᠤᠰᠤᠲᠥ᠋ᠷᠥᠭᠴᠢ ᠶᠢᠨ ᠡᠨᠧᠷᠭᠢ ᠶᠢᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠤᠨ ᠠᠵᠢᠯᠴᠢᠳ ᠶᠠᠭ ᠶᠡᠷᠦᠩᠬᠡᠶᠢᠯᠡᠭᠰᠡᠨ ᠲᠤᠷᠰᠢᠯᠲᠠ ᠶᠢᠨ ᠠᠰᠠᠷ ᠢ ᠵᠠᠰᠠᠵᠤ ᠴᠢᠮᠡᠭᠯᠡᠬᠦ ᠪᠠᠷ ᠶᠠᠭᠠᠷᠠᠯᠳᠤᠵᠤ ᠪᠤᠢ᠃ ᠣᠳᠣᠬᠠᠨ ᠳᠤ᠂ ᠶᠡᠷᠦᠩᠬᠡᠶ ᠡᠵᠡᠮᠳᠡᠯ ᠤᠨ ᠲᠠᠰᠤᠭ ᠵᠢᠴᠢ ᠭᠠᠳᠠᠷ ᠲᠠᠯ᠎ᠠ ᠶᠢᠨ ᠬᠠᠮᠢᠶᠠᠷᠤᠯᠲᠠ ᠶᠢᠨ ᠲᠣᠤᠷ ᠤᠨ ᠪᠠᠷᠢᠯᠭ᠎ᠠ ᠶᠢ ᠨᠢᠭᠡᠨᠲᠡ ᠪᠠᠷᠢᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠭᠤᠤᠯ ᠴᠣᠭᠴᠠ ᠶᠢᠨ ᠦᠢᠯᠡᠳᠪᠦᠷᠢ ᠶᠢᠨ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠪᠢᠲᠡᠭᠦᠮᠵᠢᠯᠡᠵᠦ᠂ ᠪᠠᠷᠢᠯᠭ᠎ᠠ ᠶᠢᠨ ᠲᠠᠯ᠎ᠠ ᠶᠢᠨ ᠬᠢᠨ ᠶᠠᠭ ᠣᠨᠴᠠᠭᠠᠶ ᠬᠡᠷᠡᠮ ᠳᠤ ᠡᠴᠦᠰ ᠤᠨ ᠬᠡᠯᠪᠡᠷᠢ ᠲᠣᠭᠲᠠᠭᠠᠯᠲᠠ ᠶᠢᠨ ᠵᠢᠷᠤᠭ ᠲᠥᠯᠥᠪᠯᠡᠭᠡ ᠬᠢᠵᠦ ᠪᠠᠶᠢᠨ᠎ᠠ᠃      ᠲᠣᠰ ᠲᠥᠷᠥᠯ ᠵᠦᠢᠯ ᠨᠢ ᠴᠠᠬᠢᠯᠭᠠᠨ ᠵᠠᠳᠠᠯᠤᠯ ᠤᠨ ᠬᠥᠩᠭᠡᠨᠴᠠᠭᠠᠨ ᠢᠶᠠᠷ ᠲᠦᠭᠦᠬᠡᠶ ᠮᠠᠲ᠋ᠧᠷᠢᠶᠠᠯ ᠪᠣᠯᠭᠠᠵᠤ᠂ ᠠᠵᠤ ᠠᠬᠤᠶᠢᠯᠠᠯ ᠳᠤ ᠣᠨᠴᠠ ᠪᠠᠶᠢᠳᠠᠭ        ︽ᠢᠳᠡᠪᠬᠢ ᠬᠠᠲᠠᠭᠤ ᠪᠡᠶᠡᠲᠦ ᠤᠰᠤᠲᠥ᠋ᠷᠥᠭᠴᠢ ᠶᠢ ᠬᠠᠳᠠᠭᠠᠯᠠᠬᠤ ᠮᠠᠲ᠋ᠧᠷᠢᠶᠠᠯ︾ ᠤᠨ ᠮᠡᠷᠭᠡᠵᠢᠯ ᠢ ᠠᠰᠢᠭᠯᠠᠨ ᠤᠰᠤᠲᠥ᠋ᠷᠥᠭᠴᠢ ᠪᠣᠯᠤᠨ ᠵᠠᠪᠰᠠᠷ ᠤᠨ ᠰᠦᠪᠡᠲᠦ ᠬᠤᠶᠠᠷ ᠬᠥᠩᠭᠡᠨᠴᠠᠭᠠᠨ ᠤ ᠭᠤᠷᠪᠠᠴᠢ ᠢᠰᠦᠯ ᠢ ᠦᠢᠯᠡᠳᠪᠦᠷᠢᠯᠡᠨ᠎ᠡ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 29 ᠳ᠋ᠦᠩᠰᠢᠭᠤᠷ ᠲᠥᠭᠦᠷᠢᠭ ᠲᠤ ᠬᠦᠷᠴᠦ᠂ ᠭᠤᠷᠪᠠᠨ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ ᠡᠨᠡ ᠵᠢᠯ ᠤᠨ ᠡᠴᠦᠰ ᠲᠤ ᠵᠢᠯ ᠤᠨ ᠭᠠᠷᠤᠯᠲᠠ ᠨᠢ 1000 ᠲᠣᠨ ᠤ ᠬᠤᠶᠠᠷ ᠬᠥᠩᠭᠡᠨᠴᠠᠭᠠᠨ ᠤ ᠭᠤᠷᠪᠠᠴᠢ ᠢᠰᠦᠯ ᠤᠨ ᠲᠤᠷᠰᠢᠯᠲᠠ ᠶᠢᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ ᠳᠠᠭᠤᠰᠬᠠᠨ᠎ᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠦᠮᠡᠨ ᠲᠣᠨ ᠤ ᠲᠠᠰ ᠤᠨ ᠦᠢᠯᠡᠳᠪᠦᠷᠢᠯᠡᠯ ᠤᠨ ᠱᠤᠭᠤᠮ ᠵᠢᠴᠢ ᠣᠯᠠᠨ ᠤᠯᠤᠰ ᠤᠨ ᠳᠡᠭᠡᠳᠦ ᠲᠠᠰ ᠤᠨ ᠵᠠᠪᠰᠠᠷ ᠤᠨ ᠰᠦᠪᠡᠲᠦ ᠮᠠᠲ᠋ᠧᠷᠢᠶᠠᠯ ᠪᠠ ᠤᠰᠤᠲᠥ᠋ᠷᠥᠭᠴᠢ ᠶᠢᠨ ᠡᠨᠧᠷᠭᠢ ᠶᠢᠨ ᠰᠣᠯᠢᠯᠴᠠᠭᠠᠨ ᠤ ᠲᠥᠪ ᠢ ᠲᠥᠯᠥᠪᠵᠢᠭᠦᠯᠦᠨ ᠪᠠᠶᠢᠭᠤᠯᠵᠤ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠶᠢ 6 ᠲᠦᠮᠡᠨ ᠲᠣᠨ ᠬᠤᠶᠠᠷ ᠬᠥᠩᠭᠡᠨᠴᠠᠭᠠᠨ ᠤ ᠭᠤᠷᠪᠠᠴᠢ ᠢᠰᠦᠯ ᠪᠠ 4000 ᠲᠦᠮᠡᠨ ᠪᠠᠷᠢᠮᠵᠢᠶᠠᠲᠤ ᠳᠥᠷᠪᠡᠯᠵᠢᠨ ᠤᠰᠤᠲᠥ᠋ᠷᠥᠭᠴᠢ ᠳᠤ ᠬᠦᠷᠦᠭᠦᠯᠬᠦ ᠪᠠᠷ ᠵᠢᠱᠢᠵᠦ ᠪᠤᠢ᠃ ᠡᠩ ᠤᠨ ᠰᠦᠪᠡᠲᠦ ᠬᠥᠩᠭᠡᠨᠴᠠᠭᠠᠨ ᠤ ᠢᠰᠦᠯ ᠨᠢ ᠨᠢᠭᠡ ᠵᠦᠢᠯ ᠤᠨ ᠰᠢᠨ᠎ᠡ ᠬᠡᠯᠪᠡᠷᠢ ᠶᠢᠨ ᠮᠠᠲ᠋ᠧᠷᠢᠶᠠᠯ ᠪᠣᠯᠣᠭᠰᠠᠨ ᠤ ᠬᠤᠪᠢ ᠳᠤ ᠬᠢᠮᠢ ᠶᠢᠨ ᠠᠵᠤ ᠦᠢᠯᠡᠳᠪᠦᠷᠢ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠠᠮᠢᠳᠤ ᠪᠣᠳᠠᠰ ᠤᠨ ᠡᠮ ᠡᠮᠨᠡᠯᠭᠡ ᠵᠡᠷᠭᠡ ᠠᠵᠢᠯ ᠲᠦᠷᠦᠯ ᠳᠤ ᠥᠷᠭᠡᠨ ᠢᠶᠠᠷ ᠬᠡᠷᠡᠭᠯᠡᠭᠳᠡᠳᠡᠭ᠃ ᠬᠠᠷᠢᠨ ᠤᠰᠤᠲᠥ᠋ᠷᠥᠭᠴᠢ ᠬᠡᠢ ᠶᠢ ᠬᠤᠳᠠ ᠶᠢᠨ ᠨᠡᠶᠢᠲᠡ ᠶᠢᠨ ᠵᠠᠮ ᠬᠠᠷᠢᠯᠴᠠᠭ᠎ᠠ᠂ ᠡᠳ᠋ ᠪᠠᠷᠠᠭᠠᠨ ᠤ ᠭᠦᠢᠯᠭᠡᠭᠡ ᠵᠡᠷᠭᠡ ᠵᠠᠮ ᠬᠠᠷᠢᠯᠴᠠᠭᠠᠨ ᠤ ᠬᠦᠷᠢᠶᠡᠨ ᠳᠤ ᠥᠷᠭᠡᠨ ᠢᠶᠠᠷ ᠬᠡᠷᠡᠭᠯᠡᠵᠦ᠂ ᠡᠨᠧᠷᠭᠢᠲᠦ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠪᠡᠶᠡᠯᠡᠭᠦᠯᠦᠨ᠎ᠡ᠃      ᠳᠤᠮᠳᠠᠳᠤ ᠤᠯᠤᠰ ᠤᠨ ᠤᠰᠤᠲᠥ᠋ᠷᠥᠭᠴᠢ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ︵ᠥᠪᠥᠷ ᠮᠣᠩᠭᠤᠯ︶ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠰᠢᠤ ᠭᠠᠩ ᠢᠯᠡᠷᠬᠡᠶᠢᠯᠡᠬᠦ ᠳᠤ ᠪᠠᠨ᠂ ᠮᠠᠨ ᠤ ᠺᠣᠮᠫᠠᠨᠢ ᠪᠣᠯ ᠳᠡᠯᠡᠬᠡᠶ ᠳᠡᠭᠡᠷᠡᠬᠢ ᠡᠨᠡ ᠬᠦ ᠮᠠᠲ᠋ᠧᠷᠢᠶᠠᠯ ᠢ ᠠᠵᠤ ᠦᠢᠯᠡᠳᠪᠦᠷᠢᠵᠢᠭᠦᠯᠦᠨ ᠦᠢᠯᠡᠳᠪᠦᠷᠢᠯᠡᠵᠦ ᠴᠢᠳᠠᠬᠤ ᠴᠣᠷ ᠤᠨ ᠭᠠᠭᠴᠠ ᠦᠢᠯᠡᠳᠪᠦᠷᠢ ᠪᠠᠶᠢᠵᠤ᠂ ᠣᠳᠣᠬᠠᠨ ᠳᠤ 20 ᠭᠠᠷᠤᠶ ᠵᠦᠢᠯ ᠤᠨ ᠲᠤᠰᠬᠠᠶ ᠠᠰᠢᠭ ᠤᠨ ᠡᠷᠬᠡ ᠶᠢ ᠡᠷᠡᠮᠡᠯᠵᠡᠵᠦ᠂ ᠡᠭᠦᠨ ᠳᠤ ᠬᠤᠶᠠᠷ ᠵᠦᠢᠯ ᠨᠢ ᠨᠢᠭᠡᠨᠲᠡ ᠤᠯᠠᠨ ᠤᠯᠤᠰ ᠤᠨ ᠲᠤᠰᠬᠠᠶ ᠠᠰᠢᠭ ᠤᠨ ᠡᠷᠬᠡ ᠶᠢ ᠡᠷᠡᠮᠡᠯᠵᠡᠵᠦ ᠪᠤᠢ᠃ ᠳᠤᠮᠳᠠᠳᠤ ᠤᠯᠤᠰ ᠤᠨ ᠴᠢᠯᠠᠭᠤᠨ ᠳᠤᠰᠤᠨ ᠤ ᠬᠢᠮᠢ ᠶᠢᠨ ᠠᠵᠤ ᠦᠢᠯᠡᠳᠪᠦᠷᠢ᠂ ᠳᠤᠮᠳᠠᠳᠤ ᠤᠯᠤᠰ ᠤᠨ ᠴᠢᠯᠠᠭᠤᠨ ᠳᠤᠰᠤ᠂ ᠳᠤᠮᠳᠠᠳᠤ ᠤᠯᠤᠰ ᠤᠨ ᠳᠠᠯᠠᠢ ᠶᠢᠨ ᠳᠤᠰᠤ ᠨᠢ ᠲᠦᠭᠦᠬᠡᠶ ᠳᠤᠰᠤ ᠶᠢ ᠵᠠᠳᠠᠷᠠᠭᠤᠯᠬᠤ ᠶᠠᠪᠤᠴᠠ ᠳᠤ ᠶᠡᠭᠡ ᠬᠡᠮᠵᠢᠶᠡᠨ ᠤ ᠲᠦᠷᠭᠡᠳᠬᠡᠭᠦᠷ ᠤᠨ ᠮᠠᠲ᠋ᠧᠷᠢᠶᠠᠯ ᠢ ᠬᠡᠷᠡᠭᠯᠡᠬᠦ ᠴᠢᠬᠤᠯᠠ ᠲᠠᠢ᠂ ᠬᠠᠷᠢᠨ ᠬᠤᠶᠠᠷ ᠬᠥᠩᠭᠡᠨᠴᠠᠭᠠᠨ ᠤ ᠭᠤᠷᠪᠠᠴᠢ ᠢᠰᠦᠯ ᠪᠣᠯ ᠬᠠᠮᠤᠭ ᠤᠨ ᠰᠠᠶᠢᠨ ᠲᠦᠷᠭᠡᠳᠬᠡᠭᠦᠷ ᠤᠨ ᠠᠴᠢᠶᠠᠯᠠᠭᠴᠢ ᠪᠣᠯᠤᠨ᠎ᠠ᠃ ᠤᠰᠤᠲᠥ᠋ᠷᠥᠭᠴᠢ ᠶᠢᠨ ᠡᠨᠧᠷᠭᠢ ᠶᠢᠨ ᠰᠤᠷᠪᠤᠯᠵᠢ ᠶᠢᠨ ᠬᠦᠴᠢᠷᠳᠡᠯ ᠪᠣᠯ ᠵᠥᠭᠡᠭᠡᠪᠦᠷᠢᠯᠡᠬᠦ ᠪᠠ ᠬᠠᠳᠠᠭᠠᠯᠠᠬᠤ ᠶᠠᠪᠤᠳᠠᠯ ᠪᠣᠯᠣᠨ᠎ᠠ᠃ ᠴᠠᠬᠢᠯᠭᠠᠨ ᠢᠶᠠᠷ ᠤᠰᠤ ᠶᠢ ᠵᠠᠳᠠᠷᠠᠭᠤᠯᠵᠤ ᠤᠰᠤᠲᠥ᠋ᠷᠥᠭᠴᠢ ᠦᠢᠯᠡᠳᠬᠦ᠂ ᠪᠠᠶᠢᠭᠠᠯᠢ ᠶᠢᠨ ᠰᠢᠲᠠᠮᠠᠬᠠᠶ ᠬᠡᠢ ᠪᠠᠷ ᠤᠰᠤᠲᠥ᠋ᠷᠥᠭᠴᠢ ᠦᠢᠯᠡᠳᠬᠦ᠂ ᠠᠮᠢᠳᠤ ᠪᠣᠳᠠᠰ ᠢᠶᠠᠷ ᠤᠰᠤᠲᠥ᠋ᠷᠥᠭᠴᠢ ᠦᠢᠯᠡᠳᠬᠦ ᠳᠤ ᠪᠦᠷ ᠡᠨᠡ ᠬᠦ ᠠᠰᠠᠭᠤᠳᠠᠯ ᠳᠤ ᠲᠤᠯᠭᠠᠷᠠᠵᠤ᠂ ᠡᠨᠡ ᠬᠦ ᠮᠡᠷᠭᠡᠵᠢᠯ ᠨᠢ ᠬᠤᠶᠠᠷ ᠶᠡᠭᠡ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠪᠡ᠃ 6 ᠲᠦᠮᠡᠨ ᠲᠣᠨ ᠤ ᠦᠢᠯᠡᠳᠪᠦᠷᠢᠯᠡᠬᠦ ᠴᠢᠳᠠᠪᠤᠷᠢ ᠲᠠᠢ ᠬᠥᠩᠭᠡᠨᠴᠠᠭᠠᠨ ᠤ ᠢᠰᠦᠯ ᠨᠢ ᠡᠳᠦᠷ ᠲᠤ 1200 ᠺᠢᠯᠣᠭ᠍ᠷᠠᠮ ᠤᠰᠤᠲᠥ᠋ᠷᠥᠭᠴᠢ ᠶᠢ ᠦᠢᠯᠡᠳᠪᠦᠷᠢᠯᠡᠵᠦ᠂ ᠡᠨᠧᠷᠭᠢᠲᠦ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠠᠩᠬ᠎ᠠ ᠵᠡᠷᠭᠡ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ ᠴᠢᠳᠠᠨ᠎ᠠ ᠭᠡᠵᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ