ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ 8 ᠵᠦᠢᠯ ᠤᠨ ᠠᠵᠢᠯ ᠢ ᠰᠠᠶᠢᠲᠤᠷ ᠠᠳᠬᠤᠵᠤ ᠪᠣᠢ
ᠨᠡᠶᠢᠲᠡᠯᠡᠭᠰᠡᠨ ᠴᠠᠭ᠄
2021/9/13
      ᠲᠦᠷᠦᠭᠦᠬᠡᠨ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ︵ᠥᠷᠭᠡᠳᠬᠡᠭᠰᠡᠨ︶ ᠤᠨ ᠬᠤᠷᠠᠯ ᠠᠴᠠ ᠤᠢᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ 8 ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠵᠤ ᠪᠣᠢ᠃ ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ︽ᠳᠦᠷᠪᠡᠨ ᠤᠬᠠᠮᠰᠠᠷ︾ ᠢ ᠴᠢᠩᠭᠠᠳᠬᠠᠵᠤ᠂ ︽ᠳᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠬᠤᠶᠠᠷ ᠲᠤ᠂ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠪᠥᠬᠦ ᠣᠷᠣᠨ ᠤ ᠡᠮᠡᠭᠲᠡᠶᠢᠴᠦᠳ ᠢ ᠬᠥᠲᠥᠯᠦᠨ ᠳᠠᠭᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠪᠠ ︽ᠳᠥᠷᠪᠡᠨ ᠲᠡᠤᠬᠡ︾ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ᠃ ᠭᠤᠷᠪᠠ ᠳᠤ᠂ ᠦᠵᠡᠯ ᠰᠠᠨᠠᠭ᠎ᠠ ᠤᠯᠤᠰ ᠲᠦᠷᠦ ᠪᠠᠷ ᠪᠣᠳᠠᠲᠤ ᠦᠷ᠎ᠡ ᠪᠦᠲᠦᠮᠵᠢ ᠶᠢ ᠬᠥᠲᠥᠯᠥᠨ ᠳᠠᠭᠠᠭᠤᠯᠬᠤ ᠶᠢ ᠦᠨᠡᠨ ᠬᠦ ᠴᠢᠩᠭᠠᠳᠬᠠᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠨ᠎ᠠ᠃ ᠳᠥᠷᠪᠡ ᠳᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠮᠡᠭᠲᠡᠶᠢᠴᠦᠳ ᠤᠨ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ︽ᠠᠵᠢᠯ ᠣᠯᠵᠤ ᠦᠢᠯᠡᠰ ᠴᠣᠭᠴᠠᠯᠠᠬᠤ ᠡᠮᠡᠭᠲᠡᠶᠢᠴᠦᠳ ᠤᠨ ᠠᠵᠢᠯᠯᠠᠭ᠎ᠠ︾ ᠶᠢ ᠭᠦᠨᠵᠡᠭᠡᠢ ᠠᠬᠢᠭᠤᠯᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ︾ ᠶᠢ ᠭᠦᠨᠵᠡᠭᠡᠶᠢᠷᠡᠭᠦᠯᠵᠦ᠂ ᠥᠷᠭᠡᠨ ᠤᠯᠠᠨ ᠡᠮᠡᠭᠲᠡᠶᠢᠴᠦᠳ ᠤᠨ ᠠᠭᠤᠤ ᠶᠡᠭᠡ ᠦᠢᠯᠡᠰ ᠤᠨ ᠪᠦᠳᠦᠭᠡᠨ ᠪᠠᠶᠢᠭᠤᠯᠤᠭᠴᠢ᠂ ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ᠂ ᠵᠣᠷᠢᠭᠲᠠᠢ ᠪᠠᠷ ᠬᠦᠰᠡᠯ ᠵᠡᠭᠦᠳᠦ ᠪᠠᠨ ᠬᠥᠭᠡᠭᠡᠴᠡᠯᠳᠦᠭᠴᠢ ᠪᠣᠯᠬᠤ ᠤᠷᠮ᠎ᠠ ᠵᠣᠷᠢᠭ ᠢ ᠬᠥᠭᠵᠢᠭᠡᠵᠦ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤᠮᠳᠠ ᠭᠠᠪᠢᠶ᠎ᠠ ᠵᠢᠳᠬᠦᠯ ᠦᠵᠡᠭᠦᠯᠵᠦ ᠦᠢᠯᠡᠰ ᠴᠣᠭᠴᠠᠯᠠᠭᠤᠯᠤᠨ᠎ᠠ᠃ ᠲᠠᠪᠤ ᠳᠤ᠂ ᠭᠡᠷ ᠪᠦᠯᠢ ᠶᠢᠨ ᠰᠤᠷᠭᠠᠯ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ᠬᠡᠷ ᠪᠦᠯᠢ ᠶᠢᠨ ᠰᠤᠷᠭᠠᠯ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠶ ᠰᠢ ᠶᠢᠨ ᠫᠢᠩ ᠤ ᠥᠭᠦᠯᠡᠯᠲᠡ ᠶᠢᠨ ᠲᠣᠪᠴᠢᠯᠠᠯ︾ ᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ︽ᠬᠡᠷ ᠪᠦᠯᠢ ᠶᠢᠨ ᠰᠤᠷᠭᠠᠯ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠪᠥᠬᠦ ᠬᠦᠴᠦᠨ ᠢᠶᠠᠷ ᠢᠶᠠᠨ ᠠᠬᠢᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠬᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠡᠷ ᠪᠦᠯᠢ ᠶᠢᠨ ᠬᠥᠮᠦᠵᠢᠯ ᠤᠨ ᠵᠢᠭᠠᠨ ᠵᠢᠯᠣᠭᠤᠳᠬᠤ ᠦᠢᠯᠡᠴᠢᠯᠡᠭᠡ ᠶᠢ ᠭᠦᠨᠵᠡᠭᠡᠶᠢᠷᠡᠭᠦᠯᠦᠨ᠂ ᠬᠡᠷ ᠪᠦᠯᠢ ᠶᠢᠨ ᠰᠤᠷᠭᠠᠯ ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠦᠢᠯᠡᠳᠦᠯ ᠢ ᠪᠠᠳᠠᠷᠠᠭᠤᠯᠤᠨ᠎ᠠ᠃ ᠵᠢᠷᠭᠤᠭ᠎ᠠ ᠳᠤ᠂ ᠡᠷᠬᠡ ᠠᠰᠢᠭ ᠢ ᠬᠠᠮᠠᠭᠠᠯᠠᠬᠤ ᠪᠠ ᠦᠢᠯᠡᠴᠢᠯᠡᠬᠦ ᠶᠢ ᠴᠢᠩᠭᠠᠳᠬᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠠᠵᠢᠯ ᠢ ᠲᠦᠢᠯ ᠤᠨ ᠣᠨᠣᠪᠴᠢᠲᠠᠢ ᠪᠠᠷ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠮᠡᠭᠲᠡᠶᠢᠴᠦᠳ ᠬᠡᠦᠬᠡᠳ ᠤᠨ ᠬᠦᠷᠲᠡᠭᠡᠮᠵᠢᠲᠦ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠲᠤᠯᠤᠭ᠎ᠠ ᠳᠤ᠂ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠤ ᠰᠢᠰᠲ᠋ᠧᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠨᠠᠢᠮᠠ ᠳᠤ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢ ᠲᠠᠰᠤᠷᠠᠯᠳᠡ ᠦᠭᠡᠢ ᠠᠬᠢᠭᠤᠯᠵᠤ᠂ ᠬᠡᠬᠦᠳᠡᠭ ᠴᠡᠭᠡᠵᠢᠨ ᠳᠤ ᠪᠠᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠣᠷᠣᠨ ᠤ ᠡᠮᠡᠭᠲᠡᠶᠢᠴᠦᠳ ᠤᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ