ᠱᠢ ᠲᠠᠢ ᠹᠧᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠠᠴᠢᠯᠠᠨ ᠬᠠᠷᠢᠯᠴᠠᠬᠤ ᠬᠤᠰᠢᠭᠤ ᠰᠢᠶᠠᠨ ᠨᠢ ᠪᠤᠯᠬᠤ ᠳᠥᠷᠪᠡᠳ ᠬᠤᠰᠢᠭᠤᠨ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠳᠠᠭᠠᠭᠤᠯᠤᠭᠴᠢ ᠠᠵᠤ ᠠᠬᠤᠶᠢᠯᠠᠯ ᠢᠶᠠᠷ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠤ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ ᠪᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠬᠦᠲᠦᠯᠦᠨ ᠳᠠᠭᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/9/14

      9 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠡᠭᠦᠨ ᠤ ᠳᠠᠭᠠᠭᠠᠴᠢᠯᠠᠨ ᠬᠠᠷᠢᠯᠴᠠᠵᠤ ᠪᠠᠶᠢᠭ᠎ᠠ ᠳᠥᠷᠪᠡᠳ ᠬᠤᠰᠢᠭᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠵᠤ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠬᠤ ᠶᠢ ᠨᠡᠩ ᠴᠢᠬᠤᠯᠠᠴᠢᠯᠠᠵᠤ᠂ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃


0914石泰峰在乡村振兴包联旗县四子王旗调研时强调.jpg


0914石泰峰在乡村振兴包联旗县四子王旗调研时强调2.jpg


0914石泰峰在乡村振兴包联旗县四子王旗调研时强调3.jpg


      ᠲᠥᠮᠥᠰᠥ ᠪᠠ ᠮᠢᠬᠠᠨ ᠤ ᠬᠤᠨᠢᠨ ᠤ ᠠᠵᠤ ᠦᠢᠯᠡᠰ ᠪᠣᠯ ᠳᠥᠷᠪᠡᠳ ᠬᠤᠰᠢᠭᠤᠨ ᠤ ᠬᠦᠴᠦᠯᠡᠨ ᠪᠤᠶᠢᠵᠢᠭᠤᠯᠵᠤ ᠪᠠᠶᠢᠭᠤᠯᠤᠭᠰᠠᠨ ᠬᠤᠶᠠᠷ ᠶᠡᠭᠡ ᠭᠤᠤᠯᠯᠠᠬᠤ ᠠᠵᠤ ᠦᠢᠯᠡᠰ ᠪᠣᠯᠤᠨ᠎ᠠ᠃ ᠱᠢ ᠲᠠᠢ ᠹᠧᠩ ᠤᠷᠢᠳ ᠬᠤᠵᠢᠳ ᠢ ᠮᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠵᠥᠩ ᠵᠢᠶᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠬᠤᠩ ᠢᠦᠶ ᠲᠥᠮᠥᠰᠥ ᠳᠠᠷᠢᠬᠤ ᠲᠤᠰᠬᠠᠶ ᠬᠤᠷᠰᠢᠶ᠎ᠠ ᠪᠣᠯᠤᠨ ᠶᠡᠭᠡ ᠲᠦᠷᠭᠡᠨ ᠭᠤᠤᠯ ᠰᠢᠶᠠᠩ ᠤᠨ ᠰᠧ ᠱᠢ ᠴᠢᠩ ᠳ᠋ᠢ ᠲᠣᠰᠬᠤᠨ ᠳᠤ ᠬᠦᠷᠴᠦ᠂ ᠪᠠᠷᠢᠯᠭ᠎ᠠ ᠶᠢᠨ ᠭᠠᠵᠠᠷ᠂ ᠦᠢᠯᠡᠳᠪᠦᠷᠢ ᠶᠢᠨ ᠲᠠᠰᠤᠭ᠂ ᠦᠵᠡᠭᠦᠯᠭᠡ ᠶᠢᠨ ᠲᠢᠩᠬᠢᠮ᠂ ᠲᠤᠷᠰᠢᠯᠲᠠ ᠶᠢᠨ ᠲᠠᠷᠢᠶ᠎ᠠ ᠪᠠᠷ ᠣᠷᠣᠵᠤ᠂ ᠲᠤᠬᠠᠶ ᠶᠢᠨ ᠭᠠᠵᠠᠷ ᠤᠨ ᠺᠠᠳ᠋ᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠮᠡᠷᠭᠡᠵᠢᠯ ᠤᠨ ᠠᠵᠢᠯᠲᠠᠨ ᠲᠠᠢ ᠳᠣᠲᠣᠨᠣ ᠪᠠᠷ ᠶᠠᠷᠢᠯᠴᠠᠵᠤ᠂ ᠦᠷ᠎ᠠ ᠶᠢᠨ ᠲᠦᠮᠦᠰᠦ ᠪᠤᠶᠢᠵᠢᠭᠤᠯᠬᠤ᠂ ᠳᠠᠷᠢᠬᠤ᠂ ᠬᠠᠳᠠᠭᠠᠯᠠᠬᠤ᠂ ᠡᠳ᠋ᠰᠢᠭᠦᠯᠬᠦ᠂ ᠡᠵᠡᠩᠨᠡᠨ ᠪᠣᠷᠣᠯᠠᠭᠤᠯᠬᠤ ᠵᠢᠴᠢ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠵᠡᠷᠭᠡ ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠤᠬᠰᠠᠨ ᠠᠴᠠ ᠨᠠᠩ ᠬᠦᠴᠦᠲᠡᠶ ᠠᠵᠤ ᠦᠢᠯᠡᠰ ᠤᠨ ᠲᠤᠯᠭᠠᠭᠤᠷᠢᠯᠠᠯ ᠪᠠᠶᠢᠬᠤ ᠶᠢ ᠱᠠᠭᠠᠷᠳᠠᠨ᠎ᠠ᠂ ᠤᠯᠠᠭᠠᠨᠴᠠᠪ ᠬᠤᠲᠠ ᠪᠣᠯᠤᠨ ᠳᠥᠷᠪᠡᠳ ᠬᠤᠰᠢᠭᠤ ᠨᠢ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠦᠢᠯᠡᠳᠬᠦᠨ ᠢ ᠰᠤᠳᠤᠯᠤᠨ ᠨᠡᠭᠡᠭᠡᠬᠦ᠂ ᠨᠠᠷᠢᠯᠢᠭ ᠡᠳ᠋ᠰᠢᠭᠦᠯᠬᠦ᠂ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠲᠣᠪᠤᠶᠢᠮ᠎ᠠ ᠰᠠᠶᠢᠲᠤᠷ ᠠᠳᠬᠤᠨ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠰᠢᠯᠢᠳᠡᠭ ᠰᠠᠶᠢᠨ ᠲᠦᠮᠦᠰᠦ ᠶᠢ ᠳᠠᠷᠢᠬᠤ᠂ ᠨᠡᠷᠡᠲᠤ ᠲᠥᠷᠥᠯ ᠲᠡᠮᠳᠡᠭ ᠢ ᠡᠭᠦᠳᠬᠦ᠂ ᠬᠠᠨᠤᠮᠵᠢᠲᠡᠢ ᠦᠨ᠎ᠡ ᠬᠠᠩᠰᠢ ᠪᠠᠷ ᠬᠤᠳᠠᠯᠳᠤᠬᠤ ᠶᠢ ᠦᠨᠡᠨ ᠬᠦ ᠪᠡᠶᠡᠯᠡᠭᠦᠯᠵᠦ᠂ ᠵᠢᠵᠢᠭ ᠲᠥᠮᠥᠰᠥ ᠶᠢ ᠶᠡᠭᠡ ᠶᠠᠪᠤᠳᠠᠯ ᠪᠣᠯᠭᠠᠨ ᠬᠢᠵᠤ᠂ ᠣᠯᠠᠨ ᠲᠦᠮᠡᠨ ᠢ ᠨᠠᠩ ᠰᠠᠶᠢᠲᠤᠷ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠳᠠ ᠴᠡᠴᠡᠭᠯᠡᠯᠳᠡ ᠶᠢ ᠠᠬᠢᠭᠤᠯᠬᠤ ᠬᠡᠷᠡᠭᠲᠡᠢ᠃ ᠳᠠᠭᠠᠭᠤᠯᠤᠭᠴᠢ ᠠᠵᠤ ᠠᠬᠤᠶᠢᠯᠠᠯ ᠪᠣᠯᠤᠨ ᠪᠠᠶᠠᠵᠢᠭᠰᠠᠨ ᠴᠢᠳᠠᠪᠤᠷᠢᠲᠠᠨ ᠤ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠨᠢᠭᠲᠠ ᠨᠡᠩ ᠲᠣᠭᠲᠠᠭᠤᠨ ᠲᠠᠷᠢᠶᠠᠯᠠᠬᠤ ᠡᠷᠦᠬᠡ ᠬᠢᠬᠡᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠢ ᠠᠵᠤ ᠦᠢᠯᠡᠰ ᠤᠨ ᠬᠥᠭᠵᠢᠯᠲᠡ ᠳᠤ ᠭᠦᠨᠵᠡᠭᠡᠢ ᠣᠷᠣᠯᠴᠠᠭᠤᠯᠵᠤ᠂ ᠠᠵᠤ ᠠᠬᠤᠶᠢᠯᠠᠯ ᠦᠷ᠎ᠡ ᠠᠰᠢᠭ ᠲᠠᠢ᠂ ᠮᠠᠯᠴᠢᠨ ᠲᠠᠷᠢᠶᠠᠴᠢᠨ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ᠂ ᠲᠥᠮᠥᠰᠥ ᠳᠠᠷᠢᠬᠤ ᠶᠠᠪᠤᠴᠠ ᠳᠤ ᠦᠷ᠎ᠡ ᠶᠢᠨ ᠲᠦᠮᠦᠰᠦ ᠶᠢ ᠪᠤᠶᠢᠵᠢᠭᠤᠯᠬᠤ ᠪᠣᠯ ᠵᠠᠩᠭᠢᠯᠠᠭ᠎ᠠ ᠪᠣᠯᠤᠨ᠎ᠠ᠂ ᠬᠡᠷᠡᠭᠯᠡᠭᠡᠨ ᠤ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠣᠯᠠᠨ ᠶᠠᠩᠵᠤ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠵᠤ ᠲᠡᠶᠢᠯᠬᠦ ᠰᠢᠯᠢᠳᠡᠭ ᠡᠭᠦᠯᠳᠡᠷ ᠢ ᠨᠠᠷᠢᠨ ᠨᠢᠮᠪᠠᠶ ᠪᠤᠶᠢᠵᠢᠭᠤᠯᠵᠤ᠂ ᠲᠥᠮᠥᠰᠥ ᠶᠢᠨ ᠣᠷᠣᠨ ᠪᠦᠰᠡ ᠶᠢᠨ ᠲᠥᠷᠥᠯ ᠲᠡᠮᠳᠡᠭ ᠢ ᠢᠳᠡᠪᠬᠢᠲᠡᠶ ᠡᠭᠦᠳᠦᠨ ᠪᠠᠶᠢᠭᠤᠯᠵᠤ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠬᠥᠲᠥᠯᠥᠨ ᠳᠠᠭᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠳ᠋ᠦ᠋ ᠮᠧᠩ ᠮᠢᠬᠠᠨ ᠤ ᠬᠤᠨᠢ ᠪᠣᠷᠳᠣᠨ ᠲᠠᠷᠭᠤᠯᠠᠭᠤᠯᠬᠤ ᠲᠠᠯᠠᠪᠠᠶ ᠪᠠ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠱᠢ ᠲᠠᠢ ᠹᠧᠩ ᠪᠡᠭᠡᠵᠢᠩ ᠥᠪᠥᠷ ᠮᠣᠩᠭᠤᠯ ᠤᠨ ᠬᠠᠮᠲᠤ ᠪᠠᠷ ᠪᠥᠲᠥᠭᠡᠨ ᠪᠠᠶᠢᠭᠤᠯᠬᠤ ᠲᠥᠷᠥᠯ ᠵᠦᠢᠯ ᠢ ᠠᠬᠢᠭᠤᠯᠤᠭᠰᠠᠨ ᠵᠢᠴᠢ ᠮᠢᠬᠠᠨ ᠤ ᠬᠤᠨᠢᠨ ᠤ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠮᠢᠬᠠᠨ ᠤ ᠬᠤᠨᠢ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠳᠤ ᠡᠭᠦᠯᠳᠡᠷ ᠤᠳᠤᠮ ᠮᠠᠰᠢ ᠴᠢᠬᠤᠯᠠ᠂ ᠶᠠᠰᠤ ᠴᠢᠨᠠᠷ ᠪᠣᠯ ᠵᠠᠩᠭᠢᠯᠠᠭ᠎ᠠ ᠪᠣᠯᠤᠨ᠎ᠠ᠂ ᠵᠠᠪᠠᠯ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ ᠰᠣᠩᠭᠤᠨ ᠪᠤᠶᠢᠵᠢᠭᠤᠯᠬᠤ ᠪᠣᠭᠤᠮᠲᠠ ᠶᠢ ᠴᠢᠩᠭ᠎ᠠ ᠰᠠᠬᠢᠵᠤ᠂ ᠣᠷᠣᠨ ᠨᠤᠲᠤᠭ ᠤᠨ ᠰᠢᠯᠢᠳᠡᠭ ᠡᠭᠦᠯᠳᠡᠷ ᠢ ᠰᠠᠶᠢᠲᠤᠷ ᠬᠠᠮᠠᠭᠠᠯᠠᠵᠤ᠂ ᠬᠤᠨᠢ ᠶᠢ ᠰᠠᠶᠢᠲᠤᠷ ᠲᠡᠵᠢᠭᠡᠵᠦ᠂ ᠮᠢᠬ᠎ᠠ ᠶᠢ ᠰᠠᠶᠢᠲᠤᠷ ᠦᠢᠯᠡᠳᠪᠦᠷᠢᠯᠡᠵᠦ᠂ ᠭᠠᠷᠭᠠᠯᠳᠠ ᠶᠢ ᠲᠦᠷᠬᠡᠤᠨᠬᠡᠵᠤ᠂ ᠮᠢᠬᠠᠨ ᠤ ᠭᠠᠷᠤᠯᠳᠠ ᠶᠢ ᠨᠡᠮᠡᠭᠳᠡᠬᠦᠯᠬᠦ ᠶᠢᠨ ᠲᠦᠯᠦᠬᠡ ᠡᠭᠦᠯᠳᠡᠷ ᠢᠶᠠᠨ ︽ᠡᠷᠯᠢᠰᠡᠵᠢᠬᠦᠯᠵᠤ︾᠂ ᠲᠥᠷᠥᠯ ᠲᠡᠮᠳᠡᠭ ᠢᠶᠠᠨ ︽ᠦᠬᠡᠶᠢᠬᠢᠵᠤ︾ ᠪᠣᠯᠬᠤ ᠦᠭᠡᠢ ᠭᠡᠵᠤ ᠴᠢᠬᠤᠯᠠᠴᠢᠯᠠᠵᠠᠢ᠃


0914石泰峰在乡村振兴包联旗县四子王旗调研时强调4.jpg


0914石泰峰在乡村振兴包联旗县四子王旗调研时强调5.jpg


      ᠤᠯᠠᠨ ᠲᠦᠮᠡᠨ ᠤ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠠᠮᠢᠳᠤᠷᠠᠯ ᠶᠠᠮᠠᠷ ᠵᠡᠷᠭᠡ ᠪᠠᠶᠢᠬᠤ ᠶᠢ ᠱᠢ ᠲᠠᠢ ᠹᠧᠩ ᠮᠠᠰᠢ ᠬᠠᠯᠠᠮᠵᠢᠯᠠᠵᠤ ᠪᠠᠶᠢᠯ᠎ᠠ᠃ ᠵᠡᠭᠦᠨ ᠨᠠᠢᠮᠠᠳᠤᠭᠠᠷ ᠰᠢᠶᠠᠩ ᠳᠤ᠂ ᠱᠢ ᠲᠠᠢ ᠹᠧᠩ ᠤᠷᠢᠳ ᠬᠤᠵᠢᠳ ᠶᠠᠳᠠᠭᠤ ᠠᠴᠠ ᠠᠩᠭᠢᠵᠢᠷᠠᠭᠰᠠᠨ ᠡᠷᠦᠬᠡ ᠪᠠᠢ ᠹᠠ ᠸᠠᠩ᠂ ᠯᠢᠦ ᠷᠦᠨ ᠼᠠᠢ ᠶᠢᠨ ᠭᠡᠷ ᠲᠤ ᠬᠦᠷᠴᠦ᠂ ᠭᠡᠷ ᠪᠦᠯᠢ ᠶᠢᠨ ᠲᠠᠷᠢᠵᠤ ᠲᠡᠵᠢᠭᠡᠭᠰᠡᠨ ᠣᠷᠣᠯᠭ᠎ᠠ ᠪᠣᠯᠤᠨ ᠬᠡᠷ ᠤᠨ ᠵᠣᠷᠯᠣᠩ ᠤᠨ ᠥᠭᠡᠷᠡᠴᠢᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠨᠢᠳᠤᠨᠤᠨ ᠤ ᠣᠷᠣᠯᠭ᠎ᠠ ᠶᠠᠮᠠᠷ ᠪᠤᠢ᠂ ᠡᠨᠡ ᠵᠢᠯ ᠬᠡᠳᠦᠢ ᠮᠦ ᠲᠠᠷᠢᠶ᠎ᠠ ᠲᠠᠷᠢᠭᠰᠠᠨ ᠪᠤᠢ᠂ ᠲᠡᠵᠢᠭᠡᠭᠰᠡᠨ ᠭᠠᠭ᠋ᠠᠢ ᠬᠤᠨᠢ ᠪᠠᠨ ᠬᠡᠳᠦᠢ ᠪᠠᠷ ᠬᠤᠳᠠᠯᠳᠤᠵᠤ ᠳᠡᠶᠢᠯᠬᠦ ᠪᠤᠢ︖ ᠬᠦᠷᠢᠶᠡᠨ ᠳᠤᠨᠢ ᠣᠷᠣᠮᠠᠭᠴᠠ ᠱᠢ ᠲᠠᠢ ᠹᠧᠩ ᠲᠡᠳᠡᠨ ᠲᠠᠢ ᠣᠷᠣᠯᠭ᠎ᠠ ᠶᠢᠨ ᠲᠠᠩᠰᠠ ᠶᠢ ᠨᠢᠭᠡᠳ ᠨᠢᠭᠡ ᠪᠠᠷ ᠪᠤᠳᠤᠵᠤ᠂ ᠲᠡᠳᠡᠨ ᠢ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ ᠳᠤᠤᠷ᠎ᠠ ᠦᠷᠭᠦᠯᠵᠢᠯᠡᠨ ᠴᠢᠷᠮᠠᠶᠢᠵᠤ᠂ ᠠᠮᠢᠳᠤᠷᠠᠯ ᠢᠶᠠᠨ ᠨᠠᠩ ᠥᠭᠡᠳᠡ ᠡᠰᠡᠷᠡᠭ ᠪᠣᠯᠭᠠᠭᠠᠷᠠᠶ ᠭᠡᠵᠦ ᠵᠣᠷᠢᠭᠵᠢᠭᠤᠯᠪᠠ᠃ ᠲᠡᠷᠡ ᠲᠤᠬᠠᠶ ᠶᠢᠨ ᠭᠠᠵᠠᠷ ᠤᠨ ᠬᠢᠨ ᠢ

︽ᠶᠠᠳᠠᠭᠤ ᠠᠴᠠ ᠠᠩᠬᠢᠵᠢᠷᠠᠬᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠲᠦᠷᠦ ᠶᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠠᠪᠰᠤᠷᠤᠨ ᠲᠡᠳᠭᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ᠂ ᠬᠠᠪᠰᠤᠷᠤᠨ ᠲᠡᠳᠬᠦᠬᠦ᠂ ᠬᠢᠨᠠᠨ ᠬᠠᠮᠢᠶᠠᠷᠬᠤ ᠶᠢᠨ ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠤᠬᠰᠠᠨ ᠰᠠᠭᠤᠷᠢ ᠶᠢ ᠨᠠᠩ ᠪᠠᠲᠤ ᠪᠠᠬᠢ ᠪᠣᠯᠭᠠᠵᠤ᠂ ᠪᠠᠶᠠᠵᠢᠯ ᠤᠨ ᠵᠠᠮ ᠢ ᠶᠠᠪᠤᠬᠤ ᠲᠤᠲᠤᠮ ᠥᠷᠭᠡᠨ ᠪᠤᠯᠭᠠᠬᠤ ᠬᠡᠷᠡᠭᠲᠡᠶ ᠭᠡᠵᠦ ᠵᠠᠬᠢᠪᠠ᠃ ᠲᠣᠰᠬᠤᠨ ᠤ ᠠᠷᠠᠳ ᠤᠨ ᠵᠠᠷᠢᠮ ᠨᠢ ᠬᠠᠭᠤᠷᠠᠢ ᠵᠣᠷᠯᠣᠩ ᠢᠶᠠᠨ ᠦᠭᠡᠷᠡᠴᠢᠯᠡᠵᠤ᠂ ᠵᠠᠷᠢᠮ ᠨᠢ ᠤᠰᠤ ᠪᠠᠷ ᠴᠡᠪᠡᠷᠯᠡᠬᠦ ᠵᠣᠷᠯᠣᠩ ᠬᠡᠷᠡᠭᠯᠡᠵᠦ ᠪᠠᠶᠢᠬᠤ ᠶᠢ ᠦᠵᠡᠭᠡᠳ ᠱᠢ ᠲᠠᠢ ᠹᠧᠩ ᠵᠣᠷᠯᠣᠩ ᠤᠨ ᠠᠰᠢᠬᠯᠠᠯᠳᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠵᠢᠵᠢᠭᠬᠡᠨ ᠵᠣᠷᠯᠣᠩ ᠨᠢ ᠲᠤᠮᠤ ᠠᠷᠠᠳ ᠤᠨ ᠠᠮᠢᠳᠤᠷᠠᠯ ᠲᠠᠢ ᠬᠤᠯᠪᠣᠭᠳᠠᠵᠤ ᠪᠠᠶᠢᠳᠠᠭ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠵᠣᠷᠯᠣᠩ ᠤᠨ ᠥᠭᠡᠷᠡᠴᠢᠯᠡᠯᠲᠡ ᠭᠡᠬᠦ ᠡᠨᠡ ᠬᠦ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠡᠳᠬᠢᠯ ᠲᠠᠯᠪᠢᠨ ᠪᠣᠳᠠᠲᠠᠢ ᠰᠠᠶᠢᠲᠤᠷ ᠬᠢᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠵᠣᠷᠯᠣᠩ ᠢ ᠥᠭᠡᠷᠡᠴᠢᠯᠡᠬᠦ ᠳᠤ ᠵᠠᠪᠠᠯ ᠴᠢᠳᠠᠮᠵᠢ ᠶᠢᠨ ᠴᠢᠨᠠᠷ᠂ ᠬᠡᠷᠡᠭᠯᠡᠭᠡᠨ ᠤ ᠴᠢᠨᠠᠷ᠂ ᠲᠥᠬᠦᠮ ᠴᠢᠨᠠᠷ ᠢ ᠭᠦᠢᠴᠡᠳ ᠪᠣᠳᠣᠯᠬᠢᠯᠠᠵᠤ᠂ ᠣᠯᠠᠨ ᠲᠦᠮᠡᠨ ᠬᠡᠷᠡᠭᠯᠡᠬᠦ ᠳᠤ ᠦᠨᠡᠨ ᠬᠦ ᠰᠠᠶᠢᠨ᠂ ᠦᠨᠡᠨ ᠬᠦ ᠬᠡᠷᠡᠭᠯᠡᠬᠦ ᠳᠤᠷᠠᠲᠠᠶ ᠪᠤᠯᠭᠠᠵᠤ᠂ ᠬᠡᠯᠪᠡᠷᠢ ᠶᠢ ᠴᠢᠬᠤᠯᠠᠴᠢᠯᠠᠭᠠᠳ ᠦᠷ᠎ᠡ ᠪᠦᠲᠦᠮᠵᠢ ᠶᠢ ᠴᠢᠬᠤᠯᠠᠴᠢᠯᠠᠬᠤ ᠥᠬᠡᠶ᠂ ᠦᠵᠡᠬᠦ ᠳᠤ ᠰᠠᠶᠢᠬᠠᠨ ᠬᠡᠷᠡᠭᠯᠡᠬᠦ ᠳᠤ ᠲᠦᠬᠦᠮ ᠦᠬᠡᠢ ᠪᠠᠶᠢᠬᠤ ᠶᠢ ᠴᠢᠩᠭ᠎ᠠ ᠴᠡᠭᠡᠷᠯᠡᠬᠦ ᠬᠡᠷᠡᠭᠲᠡᠶ ᠭᠡᠵᠤ ᠵᠢᠭᠠᠵᠤ ᠭᠠᠷᠭᠠᠵᠠᠢ᠃


0914石泰峰在乡村振兴包联旗县四子王旗调研时强调6.jpg


0914石泰峰在乡村振兴包联旗县四子王旗调研时强调7.jpg


      ᠪᠠᠶᠢᠴᠠᠭᠠᠨ ᠰᠤᠳᠤᠯᠬᠤ ᠬᠤᠭᠤᠴᠠᠭᠠᠨ ᠳᠤ ᠱᠢ ᠲᠠᠢ ᠹᠧᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠪᠥᠬᠦ ᠲᠠᠯ᠎ᠠ ᠶᠢᠨ ᠠᠵᠢᠯ ᠪᠠ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ︽ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ︾ ᠲᠣᠭᠲᠠᠴᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠳᠤᠷᠢᠳᠬᠤ ᠬᠠᠷᠢᠭᠤᠴᠠᠯᠭ᠎ᠠ᠂ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ᠂ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠮᠠᠯᠵᠢᠬᠤ ᠣᠷᠣᠨ ᠤ ᠤᠷᠤᠨ ᠵᠠᠢ ᠥᠷᠭᠡᠨ ᠠᠭᠤᠳᠠᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠨᠦᠬᠡᠴᠡ ᠬᠦᠴᠦᠨ ᠶᠡᠭᠡ ᠪᠤᠢ᠂ ᠡᠯ᠎ᠡ ᠭᠠᠵᠠᠷ ᠤᠨ ᠬᠢᠨ ᠨᠡᠩ ᠤᠯᠠᠨ ᠮᠡᠳᠡᠯᠭᠡ ᠲᠠᠢ᠂ ᠴᠢᠳᠠᠪᠤᠷᠢ ᠲᠠᠢ᠂ ᠬᠠᠶᠢᠷ᠎ᠠ ᠰᠡᠳᠬᠢᠯᠭᠡ ᠲᠠᠢ᠂ ᠬᠦᠰᠡᠯ ᠵᠤᠷᠢᠭ ᠲᠠᠢ ᠬᠥᠮᠦᠰ ᠤᠨ ᠬᠥᠳᠡᠭᠡ ᠲᠣᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ