2021 ᠣᠨ ᠤ 1 — 8 ᠳ᠋ᠤᠭᠠᠷ ᠰᠠᠷ᠎ᠠ ᠶᠢᠨ ᠪᠥᠬᠦ ᠣᠷᠣᠨ ᠤ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠪᠠᠶᠢᠳᠠᠯ
ᠨᠡᠶᠢᠲᠡᠯᠡᠭᠰᠡᠨ ᠴᠠᠭ᠄
2021/9/14

      2021 ᠣᠨ ᠤ 1 — 8 ᠳ᠋ᠤᠭᠠᠷ ᠰᠠᠷ᠎ᠠ ᠳᠤ᠂ ᠪᠥᠬᠦ ᠣᠷᠣᠨ ᠤ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠳᠤᠮᠳᠠᠴᠢ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 85.9% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.7 ᠵᠠᠭᠤᠨ ᠤ ᠴᠡᠭ ᠪᠠᠭᠤᠷᠠᠪᠠ᠃ ᠡᠯᠡᠰᠦᠨ ᠰᠢᠭᠤᠷᠭ᠎ᠠ ᠶᠢᠨ ᠴᠠᠭ ᠠᠭᠤᠷ ᠤᠨ ᠨᠥᠯᠥᠭᠡ ᠠᠴᠠ ᠪᠣᠯᠵᠣ ᠪᠠᠷᠢᠮᠵᠢᠶ᠎ᠠ ᠠᠴᠠ ᠬᠡᠲᠦᠷᠡᠭᠰᠡᠨ ᠡᠳᠦᠷ ᠤᠨ ᠲᠤᠭ᠎ᠠ ᠨᠢ ᠶᠡᠷᠦᠩᠬᠡᠶ ᠪᠠᠷᠢᠮᠵᠢᠶ᠎ᠠ ᠠᠴᠠ ᠬᠡᠲᠦᠷᠡᠭᠰᠡᠨ ᠡᠳᠦᠷ ᠤᠨ ᠲᠣᠭᠠᠨ ᠤ

55.6% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 29.8 ᠵᠠᠭᠤᠨ ᠤ ᠴᠡᠭ ᠳᠡᠭᠡᠭᠰᠢᠯᠡᠵᠡᠶ︔ ᠣᠽᠣᠨ ᠤ ᠪᠠᠷᠢᠮᠵᠢᠶ᠎ᠠ ᠠᠴᠠ ᠬᠡᠲᠦᠷᠡᠭᠰᠡᠨ ᠡᠳᠦᠷ ᠤᠨ ᠲᠤᠭ᠎ᠠ ᠨᠢ ᠶᠡᠷᠦᠩᠬᠡᠶ ᠪᠠᠷᠢᠮᠵᠢᠶ᠎ᠠ ᠠᠴᠠ ᠬᠡᠲᠦᠷᠡᠭᠰᠡᠨ ᠡᠳᠦᠷ ᠤᠨ ᠲᠣᠭᠠᠨ ᠤ 29.6% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 4.1 ᠵᠠᠭᠤᠨ ᠤ ᠴᠡᠭ ᠳᠡᠭᠡᠭᠰᠢᠯᠡᠵᠡᠶ᠃ 12 ᠠᠶᠢᠮᠠᠭ ᠬᠤᠳᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠤᠨ ᠥᠨᠳᠥᠷ ᠠᠴᠠ ᠳᠣᠣᠷ᠎ᠠ ᠲᠡᠶᠢᠰᠢ ᠶᠢᠨ ᠳᠠᠷᠠᠭᠠᠯᠠᠯ ᠨᠢ᠄ ᠬᠥᠯᠥᠨ ᠪᠤᠶᠢᠷ ᠬᠤᠳᠠ ︵99.2%︶᠂ ᠬᠢᠩᠭᠠᠨ ᠠᠶᠢᠮᠠᠭ ︵96.7%︶᠂ ᠰᠢᠯᠢ ᠶᠢᠨ ᠭᠤᠣᠯ ᠠᠶᠢᠮᠠᠭ ︵95.0%︶᠂ ᠤᠯᠠᠭᠠᠨᠬᠠᠳᠠ ᠬᠤᠳᠠ

︵93.0%︶᠂ ᠤᠯᠠᠭᠠᠨᠴᠠᠪ ᠬᠤᠳᠠ ︵88.5%︶᠂ ᠲᠦᠩᠯᠢᠶᠣᠤ ᠬᠤᠳᠠ ︵85.2%︶᠂ ᠬᠥᠬᠡᠬᠤᠲᠠ ︵82.7%︶᠂ ᠠᠯᠠᠱᠠ ᠠᠶᠢᠮᠠᠭ

︵79.8%︶᠂ ᠤᠷᠳᠤᠰ ᠬᠤᠳᠠ ︵79.0%︶᠂ ᠪᠤᠭᠤᠲᠤ ᠬᠤᠳᠠ ︵78.6%︶᠂ ᠪᠠᠶᠠᠨᠨᠠᠭᠤᠷ ᠬᠤᠳᠠ ︵78.2%︶ ᠪᠠ ᠦᠬᠠᠶ ᠬᠤᠳᠠ

︵74.5%︶ ᠪᠣᠯᠣᠨ᠎ᠠ᠃
      ᠪᠥᠬᠦ ᠣᠷᠣᠨ ᠤ PM2.5 ᠶᠢᠨ ᠳᠤᠮᠳᠠᠴᠢ ᠥᠳᠬᠡᠴᠡ ᠨᠢ 23 ᠮᠢᠺᠷᠥᠭᠷᠠᠮ / ᠺᠦᠪ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20.7% ᠪᠠᠷ ᠪᠠᠭᠤᠷᠠᠪᠠ᠃ 12 ᠠᠶᠢᠮᠠᠭ ᠬᠤᠲᠠ ᠶᠢᠨ PM2.5 ᠶᠢᠨ ᠳᠤᠮᠳᠠᠴᠢ ᠥᠳᠬᠡᠴᠡ ᠶᠢᠨ ᠳᠣᠤᠷ᠎ᠠ ᠠᠴᠠ ᠥᠨᠳᠥᠷ ᠲᠡᠶᠢᠰᠢ ᠶᠢᠨ ᠳᠠᠷᠠᠭᠠᠯᠠᠯ ᠨᠢ᠄ ᠰᠢᠯᠢ ᠶᠢᠨ ᠭᠤᠣᠯ ᠠᠶᠢᠮᠠᠭ ︵10 ᠮᠢᠺᠷᠥᠭᠷᠠᠮ / ᠺᠦᠪ ᠮᠧᠲᠷ︶᠂ ᠬᠥᠯᠥᠨ ᠪᠤᠶᠢᠷ ᠬᠤᠲᠠ ︵17 ᠮᠢᠺᠷᠥᠭᠷᠠᠮ / ᠺᠦᠪ ᠮᠧᠲᠷ︶᠂ ᠠᠯᠠᠱᠠ ᠠᠶᠢᠮᠠᠭ ︵20 ᠮᠢᠺᠷᠥᠭᠷᠠᠮ / ᠺᠦᠪ ᠮᠧᠲᠷ︶᠂ ᠤᠯᠠᠭᠠᠨᠴᠠᠪ ᠬᠤᠳᠠ ︵22 ᠮᠢᠺᠷᠥᠭᠷᠠᠮ / ᠺᠦᠪ ᠮᠧᠲᠷ︶ ᠪᠠ ᠤᠷᠳᠤᠰ ᠬᠤᠳᠠ ︵22 ᠮᠢᠺᠷᠥᠭᠷᠠᠮ / ᠺᠦᠪ ᠮᠧᠲᠷ︶᠂ ᠬᠢᠩᠭᠠᠨ ᠠᠶᠢᠮᠠᠭ

︵24 ᠮᠢᠺᠷᠥᠭᠷᠠᠮ / ᠺᠦᠪ ᠮᠧᠲᠷ︶ ᠪᠠ ᠤᠯᠠᠭᠠᠨᠬᠠᠳᠠ ᠬᠤᠳᠠ ︵24 ᠮᠢᠺᠷᠥᠭᠷᠠᠮ / ᠺᠦᠪ ᠮᠧᠲᠷ︶᠂ ᠪᠠᠶᠠᠨᠨᠠᠭᠤᠷ ᠬᠤᠳᠠ ︵25 ᠮᠢᠺᠷᠥᠭᠷᠠᠮ / ᠺᠦᠪ ᠮᠧᠲᠷ︶ ᠪᠠ ᠦᠬᠠᠢ ᠬᠤᠳᠠ ︵25 ᠮᠢᠺᠷᠥᠭᠷᠠᠮ / ᠺᠦᠪ ᠮᠧᠲᠷ︶᠂ ᠬᠥᠬᠡᠬᠤᠲᠠ ︵27 ᠮᠢᠺᠷᠥᠭᠷᠠᠮ / ᠺᠦᠪ ᠮᠧᠲᠷ︶᠂ ᠲᠦᠩᠯᠢᠶᠣᠣ ᠬᠤᠲᠠ ︵29 ᠮᠢᠺᠷᠣᠭ᠍ᠷᠠᠮ / ᠺᠦᠪ ᠮᠧᠲᠷ︶ ᠪᠠ ᠪᠤᠭᠤᠲᠤ ᠬᠤᠳᠠ ︵29 ᠮᠢᠺᠷᠥᠭᠷᠠᠮ / ᠺᠦᠪ ᠮᠧᠲᠷ︶ ᠪᠣᠯᠣᠨ᠎ᠠ᠃
      ᠪᠠᠶᠢᠩᠭᠤ ᠶᠢᠨ ᠵᠢᠷᠭᠤᠭᠠᠨ ᠵᠦᠢᠯ ᠤᠨ ᠪᠣᠬᠢᠷᠲᠤᠯ ᠪᠣᠳᠠᠰ ᠤᠨ ᠶᠡᠷᠦᠩᠬᠡᠶ ᠢᠯᠡᠳᠬᠡᠯ ᠲᠤᠭ᠎ᠠ ᠶᠢᠨ ᠵᠢᠭᠰᠠᠭᠠᠯᠲᠠ ᠶᠢ ᠦᠨᠳᠦᠰᠦᠯᠡᠪᠡᠯ᠂ 12 ᠠᠶᠢᠮᠠᠭ ᠬᠤᠲᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠰᠠᠶᠢᠨ ᠠᠴᠠ ᠠᠨᠠᠶ ᠲᠡᠶᠢᠰᠢ ᠶᠢᠨ ᠳᠠᠷᠠᠭᠠᠯᠠᠯ ᠨᠢ᠄ ᠰᠢᠯᠢ ᠶᠢᠨ ᠭᠤᠤᠯ ᠠᠶᠢᠮᠠᠭ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠠᠯᠠᠱᠠ ᠠᠶᠢᠮᠠᠭ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ ᠪᠠ ᠲᠦᠩᠯᠢᠶᠣᠤ ᠬᠤᠲᠠ᠂ ᠪᠠᠶᠠᠨᠨᠠᠭᠤᠷ ᠬᠤᠲᠠ᠂ ᠣᠷᠳᠣᠰ ᠬᠤᠲᠠ᠂ ᠬᠥᠬᠡᠬᠤᠲᠠ᠂ ᠪᠤᠭᠤᠲᠤ ᠬᠤᠲᠠ᠂ ᠦᠬᠠᠶ ᠬᠤᠲᠠ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ