ᠲᠦᠩᠯᠢᠶᠣᠤ ᠬᠤᠲᠠ ᠵᠡᠮᠳᠡᠭᠴᠦᠳ ᠤᠨ ᠤᠷᠠᠨ ᠪᠢᠴᠢᠯᠭᠡ ᠤᠷᠠᠨ ᠵᠢᠷᠤᠭ ᠭᠠᠷ ᠤᠷᠠᠯᠠᠯ ᠤᠨ ᠪᠦᠲᠦᠭᠡᠯ ᠤᠨ ᠦᠵᠡᠭᠦᠯᠭᠡ ᠡᠷᠭᠢᠯᠡᠪᠡ
ᠨᠡᠶᠢᠲᠡᠯᠡᠭᠰᠡᠨ ᠴᠠᠭ᠄
2021/9/14
     9 ᠳ᠋ᠦ᠋ᠭᠡᠷ ᠰᠠᠷ᠎ᠠ ᠶᠢᠨ 13 ᠤ ᠡᠳᠦᠷ᠂ ᠲᠦᠩᠯᠢᠶᠣᠤ ᠬᠤᠲᠠ ᠶᠢᠨ ᠵᠡᠮᠳᠡᠭᠴᠦᠳ ᠤᠨ ᠬᠤᠯᠪᠣᠭ᠎ᠠ᠂ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ᠲᠦᠩᠯᠢᠶᠣᠤ ᠬᠤᠲᠠ ᠶᠢᠨ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠰᠣᠶᠣᠯ ᠤᠨ ᠭᠠᠷᠠᠭ ᠤᠨ ᠰᠢᠷᠢᠰ ᠠᠵᠢᠯᠯᠠᠭ᠎ᠠ — ︽ᠰᠢᠨ᠎ᠡ ᠠᠶᠠᠨ ᠳᠤ ᠪᠠᠨ ᠭᠠᠷ ᠬᠤᠯᠪᠣᠯᠴᠠᠨ ᠮᠣᠷᠳᠠᠵᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠵᠡᠮᠳᠡᠭᠴᠦᠳ ᠤᠨ ᠤᠷᠠᠨ ᠪᠢᠴᠢᠯᠭᠡ ᠤᠷᠠᠨ ᠵᠢᠷᠤᠭ ᠭᠠᠷ ᠤᠷᠠᠯᠠᠯ ᠤᠨ ᠪᠦᠲᠦᠭᠡᠯ ᠤᠨ ᠦᠵᠡᠭᠦᠯᠭᠡ ᠶᠠᠪᠤᠭᠳᠠᠪᠠ᠃ ᠬᠤᠲᠠ ᠶᠢᠨ ᠤᠳᠤᠷᠢᠳᠤᠯᠭ᠎ᠠ ᠹᠠᠩ ᠢᠦᠶ ᠳ᠋ᠦᠩ᠂ ᠯᠢ ᡁᠢ ᠭᠠᠩ᠂ ᠲᠠᠨ ᡁᠢ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠦᠵᠡᠭᠦᠯᠭᠡ ᠶᠢ ᠲᠣᠭᠤᠷᠢᠨ ᠦᠵᠡᠪᠡ᠃      ᠲᠣᠰ ᠤᠳᠠᠭᠠᠨ ᠤ ᠦᠵᠡᠭᠦᠯᠭᠡ ᠳᠤ ᠲᠦᠩᠯᠢᠶᠣᠤ ᠬᠤᠲᠠ ᠶᠢᠨ ᠶᠢᠰᠦᠨ ᠬᠤᠰᠢᠭᠤ ᠰᠢᠶᠠᠨ ᠬᠤᠲᠠ ᠲᠣᠭᠤᠷᠢᠭ ᠵᠢᠴᠢ ᠲᠦᠩᠯᠢᠶᠣᠤ ᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠤᠷᠠᠯᠢᠭᠴᠢᠳ᠂ ᠪᠠᠭᠰᠢ ᠨᠠᠷ᠂ ᠰᠤᠷᠤᠭᠴᠢᠳ᠂ ᠠᠵᠢᠯ ᠤᠨ ᠴᠢᠯᠥᠭᠡᠨ ᠤ ᠳᠤᠷ᠎ᠠ ᠪᠠᠭ᠋ᠠᠲᠠᠳ ᠨᠡᠶᠢᠲᠡ 68 ᠬᠥᠮᠦᠨ ᠣᠷᠣᠯᠴᠠᠵᠤ᠂ ᠬᠠᠮᠤᠭ ᠤᠨ ᠪᠠᠭ᠎ᠠ ᠨᠢ 10 ᠨᠠᠰᠤᠲᠠᠢ᠂ ᠬᠠᠮᠤᠭ ᠤᠨ ᠠᠬᠠᠮᠠᠳ ᠨᠢ 69 ᠨᠠᠰᠤᠲᠠᠢ ᠪᠠᠶᠢᠵᠤ᠂ ᠨᠡᠶᠢᠲᠡ 143 ᠪᠦᠲᠦᠭᠡᠯ ᠢ ᠳᠡᠯᠭᠡᠨ ᠦᠵᠡᠭᠦᠯᠵᠡᠶ᠃ ᠤᠷᠠᠨ ᠪᠦᠲᠦᠭᠡᠯ ᠨᠢ ᠣᠳᠣᠬᠢ ᠪᠠᠶᠢᠳᠠᠯ ᠳᠤ ᠰᠠᠭᠤᠷᠢᠯᠠᠨ᠂ ᠥᠪᠡᠷ ᠢ ᠪᠠᠨ ᠬᠦᠴᠦᠷᠬᠡᠭᠵᠢᠭᠦᠯᠬᠦ ᠰᠠᠨᠠᠭ᠎ᠠ ᠶᠢ ᠬᠠᠷᠠᠭᠤᠯᠵᠤ᠂ ᠭᠤᠤᠯ ᠰᠡᠳᠦᠪ ᠨᠢ ᠢᠯᠡ ᠲᠣᠳᠣ᠂ ᠬᠡᠪ ᠨᠠᠮᠪᠠ ᠨᠢ ᠣᠯᠠᠨ ᠶᠠᠩᠵᠤ ᠶᠢᠨ ᠪᠠᠶᠢᠵᠤ᠂ ᠵᠡᠮᠳᠡᠭᠴᠦᠳ ᠤᠨ ᠤᠷᠠᠯᠢᠭ ᠲᠤ ᠬᠠᠶᠢᠷᠠᠲᠠᠢ᠂ ᠠᠮᠢᠳᠤᠷᠠᠯ ᠳᠤ ᠪᠠᠶᠠᠰᠤᠩᠭᠤᠶ᠂ ᠢᠷᠡᠭᠡᠳᠦᠶ ᠶᠢᠨ ᠲᠤᠬᠠᠶ ᠬᠦᠰᠡᠯ ᠡᠷᠡᠮᠡᠯᠵᠡᠯ ᠢ ᠢᠯᠡᠷᠡᠭᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠵᠡᠮᠳᠡᠭᠴᠦᠳ ᠤᠨ ᠰᠣᠶᠣᠯ ᠤᠨ ᠭᠠᠷᠠᠭ ᠤᠨ ᠰᠢᠷᠢᠰ ᠠᠵᠢᠯᠯᠠᠭ᠎ᠠ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ᠂ ᠵᠡᠮᠳᠡᠭᠴᠦᠳ ᠤᠨ ᠤᠷᠠᠨ ᠵᠣᠬᠢᠶᠠᠯ ᠤᠨ ᠪᠦᠲᠦᠭᠡᠯ ᠤᠨ ᠰᠦᠯᠵᠢᠶᠡᠨ ᠳᠡᠭᠡᠷᠡᠬᠢ ᠤᠷᠠᠨ ᠤᠩᠰᠢᠯᠭ᠎ᠠ ᠶᠢᠨ ᠦᠵᠡᠭᠦᠯᠭᠡ ᠨᠡᠪᠲᠡᠷᠡᠭᠦᠯᠭᠡ᠂ ᠵᠡᠮᠳᠡᠭᠴᠦᠳ ᠤᠨ ᠤᠷᠠᠨ ᠪᠢᠴᠢᠯᠭᠡ ᠤᠷᠠᠨ ᠵᠢᠷᠤᠭ ᠭᠠᠷ ᠤᠷᠠᠯᠠᠯ ᠤᠨ ᠪᠦᠲᠦᠭᠡᠯ ᠤᠨ ᠰᠦᠯᠵᠢᠶᠡᠨ ᠳᠡᠭᠡᠷᠡᠬᠢ ᠦᠵᠡᠭᠦᠯᠭᠡ ᠨᠡᠪᠲᠡᠷᠡᠭᠦᠯᠭᠡ ᠪᠠ ᠵᠡᠮᠳᠡᠭᠴᠦᠳ ᠤᠨ ᠤᠷᠠᠨ ᠰᠠᠶᠢᠬᠠᠨ ᠤ ᠲᠣᠭᠯᠠᠯᠲᠠ ᠶᠢ ᠵᠠᠯᠭᠠᠭ᠎ᠠ ᠪᠠᠷ ᠥᠷᠨᠢᠭᠦᠯᠬᠦ ᠪᠣᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠷᠭᠡ ᠪᠠᠷ ᠠᠵᠢᠯᠯᠠᠭ᠎ᠠ ᠥᠷᠨᠢᠭᠦᠯᠬᠦ ᠪᠠᠷ ᠪᠣᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ