24 ᠳ᠋ᠦ᠋ᠭᠡᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠣᠷᠳᠣᠰ ᠲᠤ ᠡᠬᠢᠯᠡᠪᠡ  ᠬᠤᠸᠠᠢ ᠶᠢᠨ ᠫᠧᠩ  ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/9/15

0915第24届全国推广普通话宣传周在鄂尔多斯开幕.jpg


      9 ᠰᠠᠷ᠎ᠠ ᠶᠢᠨ 14 ᠤ ᠡᠳᠦᠷ᠂ 24 ᠳ᠋ᠦ᠋ᠭᠡᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠤᠷᠳᠤᠰ ᠲᠤ ᠡᠬᠢᠯᠡᠪᠡ᠃ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤᠸᠠᠢ ᠶᠢᠨ ᠫᠧᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃


0915第24届全国推广普通话宣传周在鄂尔多斯开幕2.jpg


      ᠬᠤᠸᠠᠢ ᠶᠢᠨ ᠫᠧᠩ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠦᠭᠡ ᠬᠡᠯᠡ ᠦᠰᠦᠭ ᠪᠢᠴᠢᠭ ᠤᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ ᠪᠢᠴᠢᠭ ᠤᠨ ᠠᠵᠢᠯ ᠢᠯᠠᠩᠭᠤᠶ᠎ᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ 1998 ᠣᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠨ ᠲᠤᠭᠳᠠᠭᠠᠭᠰᠠᠨ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠨᠡᠶᠢᠭᠡᠮ ᠤᠨ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠢ ᠵᠢᠷᠤᠮᠵᠢᠭᠤᠯᠬᠤ ᠤᠬᠠᠮᠰᠠᠷ ᠢ ᠴᠢᠩᠭᠠᠳᠬᠠᠬᠤ᠂ ᠳᠤᠮᠳᠠᠳᠤ ᠶᠢᠨ ᠰᠢᠯᠢᠳᠡᠭ ᠦᠭᠡ ᠬᠡᠯᠡ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠮᠥᠨ ᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠨ᠂ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠳᠤ ᠦᠢᠯᠡᠴᠢᠯᠡᠬᠦ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠠᠷ ᠭᠤᠣᠯ ᠡᠭᠦᠷᠭᠡ ᠪᠣᠯᠭᠠᠬᠤ ᠶᠢ ᠪᠠᠷᠢᠮᠲᠠᠯᠠᠵᠤ᠂ ᠦᠭᠡ ᠬᠡᠯᠡ ᠦᠰᠦᠭ ᠪᠢᠴᠢᠭ ᠤᠨ ᠠᠵᠢᠯ ᠤᠨ ᠶᠡᠭᠡ ᠪᠠᠶᠢᠷᠢᠰᠢᠯ ᠢ ᠪᠠᠶᠢᠭᠤᠯᠬᠤ ᠪᠠᠷ ᠵᠠᠩᠭᠢᠯᠠᠭ᠎ᠠ ᠶᠢᠨ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠳᠤᠤᠷ᠎ᠠ᠂ ᠪᠦᠭᠦᠳᠡᠭᠡᠷ ᠰᠡᠳᠬᠢᠯ ᠨᠢᠭᠡᠳᠦᠨ᠂ ᠤᠯᠠᠨ ᠢᠶᠠᠷ ᠢᠶᠠᠨ ᠬᠠᠮᠵᠢᠯᠴᠠᠵᠤ᠂ ᠦᠭᠡ ᠬᠡᠯᠡ ᠦᠰᠦᠭ ᠪᠢᠴᠢᠭ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃


0915第24届全国推广普通话宣传周在鄂尔多斯开幕3.jpg


      ᠸᠠᠩ ᠯᠢ ᠰᠢᠶᠠ᠂ ᠤᠷᠳᠤ ᠬᠤᠭᠤᠴᠠᠭᠠᠨ ᠤ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠬᠤᠳᠠ ᠪᠣᠯᠤᠨ ᠬᠦᠳᠡᠭᠡ ᠲᠤᠰᠬᠤᠨ ᠮᠠᠯᠵᠢᠬᠤ ᠣᠷᠣᠨ᠂ ᠰᠤᠷᠭᠠᠭᠤᠯᠢ ᠭᠡᠷ ᠪᠦᠯᠢ ᠪᠣᠯᠤᠨ ᠨᠡᠶᠢᠭᠡᠮ ᠲᠣᠭᠤᠷᠢᠭ᠂ ᠴᠤᠩᠬᠤᠪᠴᠢ ᠶᠢᠨ ᠵᠢᠱᠢᠶ᠎ᠡ ᠦᠵᠡᠭᠦᠯᠬᠦ ᠨᠢᠭᠡᠴᠢ ᠬᠢᠬᠡᠳ ᠠᠵᠢᠯ ᠲᠦᠷᠦᠯ ᠤᠨ ᠬᠦᠷᠢᠶᠡᠨ ᠳᠤ ᠲᠡᠯᠬᠡᠷᠡᠬᠦᠯᠦᠨ ᠲᠦᠭᠡᠮᠡᠯᠵᠢᠭᠦᠯᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠣᠷᠣᠨ ᠤ ᠨᠡᠶᠢᠲᠡᠯᠢᠭ ᠬᠡᠯᠡ ᠶᠢ ᠲᠦᠭᠡᠮᠡᠯᠵᠢᠬᠦᠯᠦᠭᠰᠡᠨ ᠨᠤᠷᠮ᠎ᠠ ᠪᠦᠬᠦ ᠤᠯᠤᠰ ᠤᠨ ᠳᠤᠮᠳᠠᠴᠢ ᠲᠦᠪᠰᠢᠨ ᠳᠤ ᠣᠶᠢᠷᠠᠳᠴᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠦᠭᠡ ᠬᠡᠯᠡᠨ ᠤ ᠬᠠᠷᠰᠢ ᠰᠠᠭᠠᠳ ᠢ ᠦᠨᠳᠦᠰᠦᠨ ᠳᠡᠭᠡᠨ ᠠᠷᠢᠯᠭᠠᠵᠤ᠂ ᠨᠡᠶᠢᠭᠡᠮ ᠤᠨ ᠬᠡᠷᠡᠭᠯᠡᠬᠡᠨ ᠤ ᠦᠭᠡ ᠬᠡᠯᠡ ᠦᠰᠦᠭ ᠪᠢᠴᠢᠭ ᠢ ᠨᠡᠩ ᠵᠢᠷᠤᠮᠵᠢᠭᠤᠯᠵᠤ᠂ ᠦᠭᠡ ᠬᠡᠯᠡ ᠦᠰᠦᠭ ᠪᠢᠴᠢᠭ ᠢ ᠳᠦᠷᠢᠮᠵᠢᠭᠦᠯᠦᠨ ᠬᠡᠷᠡᠭᠯᠡᠬᠦ ᠣᠷᠴᠢᠨ ᠨᠥᠬᠦᠴᠡᠯ ᠢ ᠨᠢᠭᠡᠨᠲᠡ ᠪᠦᠷᠢᠯᠳᠦᠭᠦᠯᠪᠡ᠃ ᠪᠢᠳᠠ ᠲᠤᠰ ᠬᠤᠭᠤᠴᠠᠭᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠤᠯᠭᠠᠵᠤ᠂ ᠲᠤᠭ ᠲᠡᠮᠳᠡᠭ ᠲᠣᠳᠣᠷᠬᠠᠶ ᠪᠠᠷ ᠠᠬᠢᠭᠤᠯᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠤᠯᠢᠯᠴᠠᠭ᠎ᠠ᠂ ᠭᠦᠨᠵᠡᠬᠡᠢ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠳᠤᠯᠤᠨ ᠵᠢᠯᠤᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠡᠷ ᠢᠴᠢᠬᠦᠷᠢ ᠭᠤᠲᠤᠮᠰᠢᠭ ᠢᠶᠠᠨ ᠬᠠᠮᠲᠤᠳᠬᠠᠬᠤ᠂ ᠤᠢᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠴᠣᠭᠴᠠ ᠶᠢᠨ ᠣᠶᠢᠯᠠᠭᠠᠭᠳᠠᠬᠤᠨ ᠢ ᠪᠠᠳᠤ ᠪᠤᠢ ᠪᠤᠯᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠴᠠᠭ ᠦᠶ᠎ᠡ ᠶᠢᠨ ᠠᠶᠠᠨ ᠵᠠᠮ ᠳᠤ ᠢᠳᠡᠷᠡᠬᠦᠨ ᠠᠯᠬᠤᠭ᠎ᠠ ᠪᠠᠷ ᠤᠷᠤᠬᠰᠢᠯᠠᠨ᠎ᠠ ᠬᠡᠵᠤ ᠢᠯᠡᠳᠬᠡᠪᠡ᠃


0915第24届全国推广普通话宣传周在鄂尔多斯开幕4.jpg


0915第24届全国推广普通话宣传周在鄂尔多斯开幕5.jpg


0915第24届全国推广普通话宣传周在鄂尔多斯开幕6.jpg


0915第24届全国推广普通话宣传周在鄂尔多斯开幕7.jpg


      ᠣᠶᠢᠯᠠᠭᠠᠭᠰᠠᠨ ᠢᠶᠠᠷ᠂ ᠡᠨᠡ ᠵᠢᠯ ᠤᠨ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ︽ᠨᠡᠶᠢᠲᠡᠯᠢᠭ ᠬᠡᠯᠡ ᠪᠠᠷ ᠵᠠᠭᠤᠨ ᠵᠢᠯ ᠤᠨ ᠠᠤᠭ᠎ᠠ ᠦᠢᠯᠡᠰ ᠢ ᠤᠶᠠᠩᠭᠠᠯᠠᠵᠤ ᠳᠦᠷᠢᠮᠵᠢᠭᠰᠡᠨ ᠥᠰᠥᠭ ᠢᠶᠠᠷ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠠ︾ ᠪᠠᠷ ᠭᠤᠤᠯ ᠰᠡᠳᠦᠪ ᠪᠤᠯᠭᠠᠵᠠᠢ᠃ ᠡᠨᠡ ᠬᠤᠭᠤᠴᠠᠭᠠᠨ ᠳᠤ᠂ ᠪᠦᠬᠦ ᠤᠯᠤᠰ ᠤᠨ ᠡᠯ᠎ᠡ ᠭᠠᠵᠠᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠤᠯᠠᠨ ᠬᠡᠯᠪᠡᠷᠢ ᠶᠢᠨ᠂ ᠪᠠᠶᠠᠯᠢᠭ ᠠᠭᠤᠯᠭ᠎ᠠ ᠲᠠᠢ᠂ ᠢᠯᠡ ᠲᠣᠳᠣ ᠣᠨᠴᠠᠯᠢᠭ ᠲᠠᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠳᠤᠮᠳᠠᠳᠤ ᠶᠢᠨ ᠰᠢᠯᠢᠳᠡᠭ ᠦᠭᠡ ᠬᠡᠯᠡ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠠᠵᠢᠯᠯᠠᠭ᠎ᠠ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ