ᠱᠢ ᠲᠠᠢ ᠹᠧᠩ  ᠸᠠᠩ ᠯᠢ ᠰᠢᠶᠠ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠠᠮᠲᠤᠷᠠᠭᠰᠠᠨ ᠬᠤᠷᠠᠯ ᠳᠤ ᠤᠷᠤᠯᠴᠠᠬᠤ ᠵᠣᠴᠢᠳ ᠲᠠᠢ ᠠᠭᠤᠯᠵᠠᠪᠠ  ᠵᠢᠶᠠᠩ ᠽᠧ ᠯᠢᠨ  ᠬᠤᠸᠠᠩ ᠵᠢᠶᠠᠨ ᠱᠧᠩ  ᠯᠢ ᠰᠢᠤ ᠯᠢᠩ ᠤᠷᠤᠯᠴᠠᠵᠠᠢ
ᠨᠡᠶᠢᠲᠡᠯᠡᠭᠰᠡᠨ ᠴᠠᠭ᠄
2021/9/15
      9 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ  ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ  ᠤ ᠲᠡᠷᠢᠭᠦᠯᠡᠭᠴᠢᠳ ᠤᠨ ᠬᠠᠮᠲᠤᠷᠠᠭᠰᠠᠨ ᠬᠤᠷᠠᠯ ᠳᠤ ᠤᠷᠤᠯᠴᠠᠬᠤ ᠵᠣᠴᠢᠳ ᠲᠠᠢ ᠠᠭᠤᠯᠵᠠᠪᠠ᠃ ᠭᠢᠷᠢᠨ ᠮᠤᠵᠢ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠢᠶᠠᠩ ᠽᠧ ᠯᠢᠨ᠂ ᠬᠠᠷᠠᠮᠥ᠋ᠷᠡᠨ ᠮᠤᠵᠢ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠸᠠᠩ ᠵᠢᠶᠠᠨ ᠱᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠯᠢᠶᠣᠤᠨᠢᠩ ᠮᠤᠵᠢ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠠᠶ ᠢᠦᠶ ᠯᠢᠨ ᠬᠤᠷᠠᠯ ᠳᠤ ᠣᠷᠣᠯᠴᠠᠪᠠ᠃
石泰峰王莉霞会见出席东北三省一区政协主席联席会议嘉宾.jpg
      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠡᠮᠦᠨ᠎ᠡ ᠠᠴᠠ ᠬᠤᠷᠠᠯ ᠳᠤ ᠣᠷᠣᠯᠴᠠᠬᠤ ᠪᠠᠷ ᠢᠷᠡᠭᠰᠡᠨ ᠵᠣᠴᠢᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠥᠬᠦᠮ ᠲᠠᠨᠢᠯᠴᠠᠭᠤᠯᠪᠠ᠃ ᠲᠡᠷᠡ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠬᠤ ᠪᠣᠯ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢ ᠠᠬᠢᠭᠤᠯᠬᠤ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠦᠷᠳᠡᠭᠡᠨ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠥᠪᠡᠷᠲᠡᠭᠡᠨ ᠵᠠᠰᠠᠬᠤ ᠣᠷᠣᠨ ᠤ ᠭᠦᠨᠵᠡᠭᠡᠶ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ᠂ ᠵᠡᠭᠦᠨ ᠬᠤᠶᠢᠲᠤ ᠣᠷᠣᠨ ᠤ ᠪᠥᠬᠦ ᠲᠠᠯ᠎ᠠ ᠶᠢᠨ ᠬᠥᠭᠵᠢᠯᠳᠠ ᠮᠠᠨᠳᠤᠯᠳᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠵᠡᠭᠦᠨ ᠬᠤᠶᠢᠲᠤ ᠶᠢᠨ ᠭᠤᠷᠪᠠᠨ ᠮᠤᠵᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠶ ᠰᠤᠷᠤᠯᠴᠠᠨ ᠲᠣᠯᠢ ᠪᠤᠯᠭᠠᠵᠤ᠂ ᠬᠠᠮᠲᠤᠷᠠᠭᠰᠠᠨ ᠬᠤᠷᠠᠯ ᠤᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠠᠰᠢᠬᠯᠠᠨ᠂ ᠠᠵᠢᠯ ᠤᠨ ᠰᠡᠳᠬᠢᠮᠵᠢ ᠪᠠ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠡᠭᠦᠨ ᠬᠤᠶᠢᠲᠤ ᠶᠢᠨ ᠭᠤᠷᠪᠠᠨ ᠮᠤᠵᠢ ᠲᠠᠢ ᠭᠠᠷ ᠬᠤᠯᠪᠣᠯᠴᠠᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠤᠨ᠎ᠠ ᠭᠡᠵᠡᠢ᠃      ᠱᠢ ᠲᠠᠢ ᠹᠧᠩ᠂ ᠥᠪᠥᠷ ᠮᠣᠩᠭᠤᠯ ᠢᠯᠠᠩᠭᠤᠶ᠎ᠠ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠤᠷᠤᠨ ᠨᠢ ᠵᠡᠭᠦᠨ ᠬᠤᠶᠢᠲᠤ ᠶᠢᠨ ᠭᠤᠷᠪᠠᠨ ᠮᠤᠵᠢ ᠯᠤᠭ᠎ᠠ ᠭᠠᠵᠠᠷ ᠣᠷᠣᠨ ᠣᠶᠢᠷᠠᠯᠴᠠᠭ᠎ᠠ᠂ ᠰᠣᠶᠣᠯ ᠢᠷᠭᠡᠨᠰᠢᠯ ᠢᠵᠢᠯᠬᠡᠨ᠂ ᠡᠯ᠎ᠡ ᠲᠠᠯ᠎ᠠ ᠶᠢᠨ ᠬᠠᠷᠢᠯᠴᠠᠭ᠎ᠠ ᠮᠠᠰᠢ ᠨᠢᠭᠲᠠ ᠪᠠᠶᠢᠵᠤ᠂ ᠭᠠᠵᠠᠷ ᠣᠷᠣᠨ ᠤ ᠬᠤᠭᠤᠷᠣᠨᠳᠣᠬᠢ ᠬᠠᠮᠲᠤᠷᠠᠯᠴᠠᠭᠠᠨ ᠤ ᠣᠷᠣᠨ ᠵᠠᠢ ᠥᠷᠭᠡᠨ ᠠᠭᠤᠳᠠᠮ ᠶᠤᠮ᠃ ᠪᠢᠳᠠ ᠵᠡᠭᠦᠨ ᠬᠤᠶᠢᠲᠤ ᠶᠢᠨ ᠭᠤᠷᠪᠠᠨ ᠮᠤᠵᠢ ᠯᠤᠭ᠎ᠠ ᠶᠢᠨ ᠪᠦᠬᠦ ᠲᠠᠯ᠎ᠠ ᠶᠢᠨ ᠵᠣᠯᠭᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠭᠠᠳᠠᠭᠠᠳᠤ ᠠᠷᠠᠯᠵᠢᠶ᠎ᠠ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠳᠠ ᠦᠭᠡᠢ ᠥᠷᠭᠡᠳᠬᠡᠵᠦ᠂ ᠬᠠᠮᠲᠤᠷᠠᠯᠴᠠᠭᠠᠨ ᠤ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ  ᠶᠢ ᠪᠡᠶᠡᠯᠡᠭᠦᠯᠬᠦ ᠶᠢ ᠠᠬᠢᠭᠤᠯᠤᠨ᠎ᠠ ᠭᠡᠪᠡ᠃      ᠠᠭᠤᠯᠵᠠᠯᠳᠠ ᠳᠤ ᠤᠷᠤᠯᠴᠠᠬᠰᠠᠨ ᠵᠣᠴᠢᠳ᠂ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠡᠨᠡ ᠬᠦ ᠲᠠᠪᠴᠠᠩ ᠢ ᠰᠠᠶᠢᠲᠤᠷ ᠠᠰᠢᠬᠯᠠᠵᠤ᠂ ᠵᠡᠭᠦᠨ ᠬᠤᠶᠢᠲᠤ  ᠶᠢᠨ ᠭᠤᠷᠪᠠᠨ ᠮᠤᠵᠢ ᠨᠢᠭᠡ ᠥᠪᠡᠷᠲᠡᠭᠡᠨ ᠵᠠᠰᠠᠬᠤ ᠣᠷᠣᠨ ᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠬᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢ ᠠᠬᠢᠭᠤᠯᠬᠤ ᠶᠢᠨ ᠲᠤᠭᠤᠷᠢᠨ ᠳᠤ᠂ ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠢᠳᠡᠪᠬᠢᠲᠡᠶ ᠪᠠᠷ ᠠᠷᠭ᠎ᠠ ᠪᠤᠳᠤᠯᠭ᠎ᠠ ᠳᠡᠪᠰᠢᠭᠦᠯᠵᠦ᠂ ᠵᠡᠭᠦᠨ ᠬᠤᠶᠢᠲᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠬᠠᠮᠵᠢᠯᠴᠠᠨ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠤ ᠹᠧᠩ᠂ ᠯᠦᠸᠧ ᡁᠢ ᠬᠤ᠋᠂ ᠴᠡᠴᠡᠭ᠂ ᠯᠢᠶᠣᠤᠨᠢᠩ ᠮᠤᠵᠢ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠺᠧ᠂ ᠬᠢᠷᠢᠨ ᠮᠤᠵᠢ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠠᠨ ᠬᠤᠩ ᠯᠢᠶᠠᠩ᠂ ᠬᠠᠷᠠᠮᠥ᠋ᠷᠡᠨ ᠮᠤᠵᠢ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠨ ᠯᠢ ᠬᠤᠸᠠ ᠠᠭᠤᠯᠵᠠᠯᠲᠠ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ