ᠪᠦᠬᠦ ᠣᠷᠣᠨ ᠤ 2021 ᠣᠨ ᠤ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠡᠬᠢᠯᠡᠪᠡ  ᠴᠢ᠊ ᠪᠠᠲᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/9/15

      9 ᠳ᠋ᠦ᠋ᠭᠡᠷ ᠰᠠᠷ᠎ᠠ ᠶᠢᠨ 14 ᠤ ᠡᠳᠦᠷ᠂ ᠪᠥᠬᠦ ᠣᠷᠣᠨ ᠤ 2021 ᠣᠨ ᠤ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠡᠬᠢᠯᠡᠪᠡ᠂ ᠭᠤᠤᠯ ᠰᠡᠳᠦᠪ ᠨᠢ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠶᠠᠰᠤ ᠴᠢᠨᠠᠷ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠎ᠠ︾
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
      ᠴᠢ᠊ ᠪᠠᠲᠤ ᠵᠢᠭᠠᠵᠦ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠠᠰᠤ ᠴᠢᠨᠠᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳ ᠬᠤᠵᠢᠳ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠲᠤᠬᠠᠢ ᠲᠣᠭᠲᠠᠭᠠᠯ︾ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠵᠡᠷᠭᠡ ᠶᠢ ᠲᠣᠭᠲᠠᠭᠠᠨ ᠨᠡᠶᠢᠲᠡᠯᠡᠵᠦ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠠᠬᠢᠭᠤᠯᠵᠤ᠂ ᠶᠠᠰᠤ ᠴᠢᠨᠠᠷ ᠤᠨ ᠠᠵᠢᠯ ᠤᠨ ᠲᠣᠭᠲᠠᠴᠠ ᠶᠢ ᠳᠠᠰᠤᠷᠠᠯᠳᠠ ᠦᠬᠡᠢ ᠲᠡᠭᠦᠯᠳᠡᠷᠵᠢᠭᠦᠯᠵᠦ᠂ ᠶᠠᠰᠤ ᠴᠢᠨᠠᠷ ᠤᠨ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠣᠷᠣᠨ ᠤ ᠶᠠᠰᠤ ᠴᠢᠨᠠᠷ ᠤᠨ ᠶᠡᠷᠦᠩᠬᠡᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ ᠪᠠᠶᠢᠨ᠎ᠠ ᠭᠡᠵᠡᠢ᠃
      ᠴᠢ᠊ ᠪᠠᠲᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠲᠤᠮᠤ ᠵᠠᠬ᠎ᠠ ᠳᠡᠯᠭᠡᠭᠦᠷ᠂ ᠲᠤᠮᠤ ᠶᠠᠰᠤ ᠴᠢᠨᠠᠷ᠂ ᠶᠡᠭᠡ ᠬᠢᠨᠠᠯᠲᠠ ᠬᠠᠮᠢᠶᠠᠷᠤᠯᠲᠠ︾ ᠳᠤ ᠰᠠᠭᠤᠷᠢᠯᠠᠵᠤ᠂ ᠶᠠᠰᠤ ᠴᠢᠨᠠᠷ ᠤᠨ ᠬᠥᠭᠵᠢᠯᠲᠡ ᠪᠠ ᠶᠠᠰᠤ ᠴᠢᠨᠠᠷ ᠤᠨ ᠠᠮᠤᠷ ᠲᠦᠪᠰᠢᠨ ᠢ ᠨᠢᠭᠡᠳᠦᠯᠲᠡᠢ ᠲᠦᠯᠦᠪᠯᠡᠵᠦ᠂ ᠶᠠᠰᠤ ᠴᠢᠨᠠᠷ ᠤᠨ ᠰᠠᠭᠤᠷᠢ ᠪᠦᠳᠦᠬᠡᠨ ᠪᠠᠶᠢᠭᠤᠯᠤᠯᠲᠠ ᠶᠢ ᠳᠠᠰᠤᠷᠠᠯᠳᠠ ᠦᠬᠡᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠠᠵᠢᠯ ᠲᠦᠷᠦᠯ ᠤᠨ ᠶᠠᠰᠤ ᠴᠢᠨᠠᠷ ᠤᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠠᠵᠢᠯ ᠤᠨ ᠠᠷᠭ᠎ᠠ ᠬᠡᠯᠪᠡᠷᠢ ᠪᠠᠨ ᠪᠠᠶᠠᠯᠢᠭᠵᠢᠭᠤᠯᠤᠨ ᠰᠢᠨ᠎ᠡ ᠶᠢ ᠡᠭᠦᠳᠴᠦ᠂ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢ ᠶᠠᠰᠤ ᠴᠢᠨᠠᠷ ᠤᠨ ᠳᠠᠶᠢᠴᠢᠯᠠᠯᠲᠠ ᠶᠢᠨ ᠰᠠᠷ᠎ᠠ᠂ ᠤᠬᠠᠭᠤᠯᠭ᠎ᠠ ᠶᠢᠨ ᠰᠠᠷ᠎ᠠ᠂ ᠳᠡᠭᠡᠭᠰᠢᠯᠡᠭᠦᠯᠦᠯᠲᠡ ᠶᠢᠨ ᠰᠠᠷ᠎ᠠ᠂ ᠦᠢᠯᠡᠴᠢᠯᠡᠭᠡᠨ ᠤ ᠰᠠᠷ᠎ᠠ ᠪᠠ ᠠᠮᠤᠷ ᠲᠦᠪᠰᠢᠨ ᠤ ᠰᠠᠷ᠎ᠠ ᠪᠣᠯᠭᠠᠨ ᠡᠷᠭᠢᠯᠡᠵᠦ᠂ ︽ᠬᠥᠮᠦᠨ ᠪᠦᠬᠦᠨ ᠶᠠᠰᠤ ᠴᠢᠨᠠᠷ ᠢ ᠠᠩᠬᠠᠷᠬᠤ᠂ ᠬᠥᠮᠦᠨ ᠪᠦᠬᠦᠨ ᠶᠠᠰᠤ ᠴᠢᠨᠠᠷ ᠢ ᠴᠢᠬᠤᠯᠠᠴᠢᠯᠠᠬᠤ᠂ ᠬᠥᠮᠦᠨ ᠪᠦᠬᠦᠨ ᠶᠠᠰᠤ ᠴᠢᠨᠠᠷ ᠢ ᠬᠦᠷᠲᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ ᠨᠠᠢᠮᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠬᠦᠷᠳᠡᠭᠰᠡᠡ ᠠᠵᠤ ᠠᠬᠤᠶᠢᠯᠠᠯ ᠳᠤ ᠦᠨᠡᠮᠯᠡᠯ ᠣᠯᠭᠤᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ