ᠵᠠᠩ ᠱᠤᠤ ᠴᠦᠨ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠬᠤ ᠳᠤ ᠪᠠᠨ ᠤᠰᠤᠨ ᠤ ᠴᠢᠨᠠᠷ ᠢ ᠰᠠᠶᠢᠵᠢᠷᠠᠭᠤᠯᠬᠤ ᠪᠠ ᠰᠠᠪᠠ ᠭᠠᠵᠠᠷ ᠢ ᠪᠦᠬᠦᠯᠢ ᠴᠣᠭᠴᠠ ᠪᠠᠷ ᠨᠢ ᠬᠠᠮᠠᠭᠠᠯᠠᠨ ᠰᠡᠷᠭᠦᠭᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠡᠷᠴᠢᠮ ᠢ ᠴᠠᠭ ᠢᠮᠠᠭᠲᠠ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/9/15
      9 ᠳ᠋ᠦ᠋ᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠥᠯᠥᠨ ᠪᠤᠶᠢᠷ ᠬᠤᠲᠠ ᠳᠤ ᠬᠦᠷᠴᠦ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ᠂ ᠬᠥᠯᠥᠨ ᠨᠠᠭᠤᠷ ᠤᠨ ᠳᠠᠷᠤᠭ᠎ᠠ ᠶᠢᠨ ᠬᠤᠷᠠᠯ᠂ ᠨᠠᠮᠤᠷ ᠡᠪᠦᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠬᠤᠯᠪᠣᠭᠳᠠᠯ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠠ᠃       ᠵᠠᠩ ᠱᠤᠤ ᠴᠦᠨ ᠬᠥᠯᠥᠨ ᠨᠠᠭᠤᠷ ᠤᠨ ᠪᠠᠭ᠎ᠠ ᠭᠤᠣᠯ ᠤᠨ ᠠᠮᠠ ᠶᠢ ᠲᠣᠭᠤᠷᠢᠨ ᠪᠠᠶᠢᠴᠠᠭᠠᠵᠤ᠂ ᠤᠰᠤᠨ ᠤ ᠪᠠᠶᠢᠳᠠᠯ ᠢ ᠲᠤᠬᠠᠢ ᠶᠢᠨ ᠭᠠᠵᠠᠷ ᠲᠤ ᠨᠢ ᠦᠵᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠭᠤᠣᠯ ᠪᠣᠯᠬᠤ ᠤᠰᠤᠨ ᠤ ᠴᠢᠨᠠᠷ ᠤᠨ ᠭᠦᠢᠴᠡᠳᠬᠡᠯ ᠲᠤᠭ᠎ᠠ ᠶᠢ ᠰᠠᠶᠢᠵᠢᠷᠠᠭᠤᠯᠬᠤ᠂ ᠤᠰᠤᠨ ᠤ ᠠᠮᠢ ᠠᠬᠤᠢ ᠶᠢ ᠬᠢᠨᠠᠨ ᠰᠢᠨᠵᠢᠯᠡᠵᠦ ᠦᠨᠡᠯᠡᠬᠦ ᠲᠣᠭᠲᠠᠯᠴᠠᠭ᠎ᠠ ᠶᠢ ᠪᠦᠷᠢᠨᠰᠢᠭᠦᠯᠬᠦ ᠵᠡᠷᠭᠡ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠬᠥᠯᠥᠨ ᠨᠠᠭᠤᠷ ᠤᠨ ᠳᠠᠷᠤᠭ᠎ᠠ ᠶᠢᠨ ᠬᠤᠷᠠᠯ ᠳᠡᠭᠡᠷ᠎ᠡ᠂ ᠬᠥᠯᠥᠨ ᠪᠤᠶᠢᠷ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠡᠷᠡᠭᠵᠢᠭᠦᠯᠬᠦ ᠲᠥᠰᠦᠯ ᠳᠤ ᠲᠣᠭᠲᠠᠭᠠᠭᠰᠠᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠂ ᠪᠥᠲᠥᠭᠡᠨ ᠪᠠᠶᠢᠭᠤᠯᠤᠯᠲᠠ ᠶᠢᠨ ᠴᠠᠭ ᠤᠨ ᠳᠠᠷᠠᠭᠠᠯᠠᠯ ᠢ ᠴᠢᠩᠭ᠎ᠠ ᠵᠢᠷᠤᠮᠯᠠᠨ ᠵᠠᠰᠠᠯᠲᠠ ᠶᠢᠨ ᠲᠥᠷᠥᠯ ᠵᠦᠢᠯ ᠢ ᠠᠬᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠯᠠᠪᠳᠠᠭᠤᠨ ᠪᠠᠲᠤᠲᠠᠢ ᠪᠣᠶ ᠪᠣᠯᠭᠠᠵᠤ᠂ ᠢᠮᠠᠭᠲᠠ ᠪᠠᠷᠢᠮᠲᠠᠯᠠᠨ᠂ ᠡᠭᠦᠷᠢᠳᠡ ᠪᠠᠷᠢᠮᠲᠠᠯᠠᠵᠤ᠂ ︽ᠶᠠᠰᠤ ᠴᠢᠨᠠᠷ︾ ︽ᠲᠤᠭ᠎ᠠ ᠬᠡᠮᠵᠢᠶ᠎ᠡ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠤᠰᠤᠨ ᠤ ᠴᠢᠨᠠᠷ ᠢ ᠰᠠᠶᠢᠵᠢᠷᠠᠭᠤᠯᠬᠤ ᠪᠠ ᠰᠠᠪᠠ ᠭᠠᠵᠠᠷ ᠢ ᠪᠦᠬᠦᠯᠢ ᠴᠣᠭᠴᠠ ᠪᠠᠷ ᠨᠢ ᠬᠠᠮᠠᠭᠠᠯᠠᠨ ᠰᠡᠷᠭᠦᠭᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠥᠬᠦ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠳᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃       ᠵᠠᠩ ᠱᠤᠤ ᠴᠦᠨ ᠮᠠᠨᠵᠤᠤᠷ ᠬᠤᠳᠠ ᠳᠤ ᠬᠦᠷᠴᠦ ᠬᠢᠯᠢ ᠶᠢᠨ ᠮᠠᠰᠢᠨ ᠲᠠᠷᠢᠶᠠᠯᠠᠭ᠎ᠠ ᠪᠠᠷ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠬᠢᠯᠢ ᠶᠢᠨ ᠭᠠᠯ ᠰᠡᠷᠭᠡᠶᠢᠯᠡᠯᠲᠡ ᠶᠢᠨ ᠬᠤᠯᠪᠣᠭᠠᠯᠠᠨ ᠰᠡᠷᠭᠡᠶᠢᠯᠡᠬᠦ ᠬᠤᠯᠪᠣᠭ᠎ᠠ ᠠᠪᠬᠤ ᠦᠷᠳᠡᠭᠡ ᠶᠢᠨ ᠵᠢᠵᠢᠭᠦᠷᠯᠡᠯ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠨᠠᠮᠤᠷ ᠡᠪᠦᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠲᠣᠬᠢᠷᠠᠭᠤᠯᠤᠯᠲᠠ ᠶᠢᠨ ᠬᠤᠷᠠᠯ ᠳᠡᠭᠡᠷ᠎ᠡ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠡᠷᠴᠢᠮ ᠢ ᠴᠠᠭ ᠢᠮᠠᠭᠲᠠ ᠴᠢᠩᠭᠠᠷᠠᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠭᠤᠤᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠳᠬᠤᠨ᠂ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠵᠤ᠂ ᠭᠠᠯ ᠢ ᠬᠠᠮᠢᠶᠠᠷᠤᠨ ᠡᠵᠡᠮᠳᠡᠬᠦ ᠪᠠᠨ ᠴᠢᠩᠳᠠᠯᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠯᠡᠬᠦ ᠪᠠᠨ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠵᠦ᠂ ᠣᠯᠠᠨ ᠲᠦᠮᠡᠨ ᠪᠠ ᠭᠠᠯ ᠤᠨᠲᠠᠷᠠᠭᠠᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠨᠠᠮᠤᠷ ᠡᠪᠦᠯ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠦᠨᠡᠨ ᠬᠦ ᠴᠢᠩᠭ᠎ᠠ ᠪᠦᠭᠡᠳ ᠪᠣᠳᠠᠲᠠᠶ ᠪᠠᠷ ᠠᠳᠬᠤᠵᠤ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ