ᠮᠠᠨ ᠤ ᠣᠷᠣᠨ ᠰᠤᠷᠭᠠᠭᠤᠯᠢ ᠶᠢᠨ ᠭᠠᠳᠠᠨᠠᠬᠢ ᠬᠢᠴᠢᠶᠡᠯ ᠲᠥᠷᠥᠯ ᠤᠨ ᠪᠣᠯᠪᠠᠰᠤᠷᠠᠯ ᠢ ᠬᠡᠯᠪᠡᠷᠢ ᠥᠭᠡᠷᠡᠲᠦᠭᠦᠯᠦᠨ ᠲᠣᠭᠲᠠᠭᠠᠯ ᠠᠴᠠ ᠵᠥᠷᠢᠴᠡᠵᠦ ᠥᠷᠨᠢᠭᠦᠯᠬᠦ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/16

      ᠣᠶᠢᠷ᠎ᠠ ᠳᠤ᠂ ᠵᠠᠷᠢᠮ ᠭᠠᠵᠠᠷ ᠣᠷᠣᠨ ᠳᠤ ᠢᠯᠡᠷᠡᠭᠰᠡᠨ ᠬᠢᠴᠢᠶᠡᠯ ᠲᠥᠷᠥᠯ ᠤᠨ ᠪᠣᠯᠪᠠᠰᠤᠷᠠᠯ ᠢ ᠨᠢᠭᠤᠴᠠ ᠪᠠᠷ ᠶᠠᠪᠤᠭᠳᠠᠭᠤᠯᠬᠤ᠂ ᠬᠡᠯᠪᠡᠷᠢ ᠥᠭᠡᠷᠡᠲᠦᠭᠦᠯᠦᠨ ᠥᠷᠨᠢᠭᠦᠯᠵᠦ ᠬᠢᠨᠠᠨ ᠬᠠᠮᠢᠶᠠᠷᠤᠯᠲᠠ ᠠᠴᠠ ᠵᠠᠶᠢᠯᠠᠬᠤ ᠵᠡᠷᠭᠡ ᠳᠠᠯᠳᠠᠯᠠᠨ ᠥᠭᠡᠷᠡᠲᠦᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ᠂ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠬᠡᠯᠪᠡᠷᠢ ᠥᠭᠡᠷᠡᠲᠦᠭᠦᠯᠦᠨ ᠲᠣᠭᠲᠠᠭᠠᠯ ᠠᠴᠠ ᠵᠥᠷᠢᠴᠡᠵᠦ ᠥᠷᠨᠢᠭᠦᠯᠬᠦ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠠᠴᠢᠮ ᠪᠠᠶᠢᠷᠢᠯᠠᠭᠤᠯᠪᠠ᠃

      ᠮᠡᠳᠡᠭᠳᠡᠯ ᠳᠤ᠂ ᠡᠯ᠎ᠡ ᠭᠠᠵᠠᠷ ᠨᠢ ᠰᠠᠭᠤᠭ᠎ᠠ ᠭᠠᠵᠠᠷ ᠤᠨ ᠢᠶᠠᠨ ᠶᠡᠭᠡ ᠳᠡᠭᠡᠳᠦ ᠰᠤᠷᠭᠠᠭᠤᠯᠢ ᠪᠠ ᠵᠢᠭᠠᠨ ᠰᠤᠳᠤᠯᠬᠤ ᠰᠠᠯᠠᠭ᠎ᠠ ᠮᠥᠴᠢᠷ ᠲᠤ ᠲᠦᠰᠢᠭᠯᠡᠨ᠂ ᠦᠨᠡᠯᠡᠨ ᠵᠢᠱᠢᠬᠦ ᠺᠣᠮᠢᠰ ᠵᠣᠬᠢᠶᠠᠨ ᠪᠠᠶᠢᠭᠤᠯᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠪᠠᠷᠢᠮᠵᠢᠶ᠎ᠠ ᠲᠠᠢ ᠬᠠᠷᠢᠴᠠᠭᠤᠯᠤᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠳᠠᠯᠳᠠᠯᠠᠨ ᠬᠡᠯᠪᠡᠷᠢ ᠥᠭᠡᠷᠡᠲᠦᠭᠦᠯᠵᠦ ᠥᠷᠨᠢᠭᠦᠯᠦᠭᠰᠡᠨ ᠪᠣᠯᠪᠠᠰᠤᠷᠠᠯ ᠤᠨ ᠠᠭᠤᠯᠭ᠎ᠠ ᠶᠢ ᠢᠯᠭᠠᠨ ᠳᠣᠲᠣᠯᠠᠵᠤ᠂ ᠲᠣᠰ ᠭᠠᠵᠠᠷ ᠣᠷᠣᠨ ᠤ ᠪᠠᠨ ᠬᠢᠴᠢᠶᠡᠯ ᠲᠥᠷᠥᠯ ᠤᠨ ᠪᠣᠯᠪᠠᠰᠤᠷᠠᠯ ᠤᠨ ᠠᠭᠤᠯᠭ᠎ᠠ ᠶᠢᠨ ᠲᠣᠳᠣᠷᠬᠠᠶ ᠬᠠᠭᠤᠳᠠᠰᠤ ᠶᠢ ᠪᠠᠶᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠶᠠᠮᠤᠨ ᠤ ᠲᠣᠳᠣᠷᠬᠠᠶ ᠲᠣᠭᠲᠠᠭᠠᠭᠰᠠᠨ 6 ᠲᠥᠷᠥᠯ ᠵᠢᠴᠢ ᠬᠡᠯᠪᠡᠷᠢ ᠥᠭᠡᠷᠡᠲᠦᠭᠦᠯᠦᠭᠰᠡᠨ ᠢᠶᠠᠷ ᠮᠠᠭᠠᠳᠯᠠᠨ ᠲᠣᠭᠲᠠᠭᠠᠭᠰᠠᠨ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠤᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠦᠨᠡᠮᠯᠡᠯ ᠲᠠᠢ ᠪᠠᠶᠢᠭᠠᠳ ᠭᠡᠷᠡᠴᠢ ᠥᠬᠡᠶ᠂ ᠦᠨᠡᠮᠯᠡᠯ ᠭᠡᠷᠡᠴᠢ ᠪᠦᠷ ᠥᠬᠡᠶ ᠪᠠᠷ ᠪᠣᠯᠪᠠᠰᠤᠷᠠᠯ ᠥᠷᠨᠢᠭᠦᠯᠦᠭᠰᠡᠨ ᠠᠵᠢᠯᠯᠠᠭ᠎ᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠠᠵᠢᠯ ᠤᠨ ᠪᠠᠶᠢᠷᠢ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ︽ᠨᠢᠭᠡ ᠨᠢᠭᠡ ᠪᠠᠷ ᠵᠢᠭᠠᠬᠤ︾ ︽ᠣᠯᠠᠨ ᠬᠥᠮᠥᠨ ᠳᠤ ᠵᠢᠭᠠᠬᠤ︾ ᠵᠡᠷᠭᠡ ᠬᠡᠯᠪᠡᠷᠢ ᠥᠭᠡᠷᠡᠲᠦᠭᠦᠯᠵᠦ ᠲᠣᠭᠲᠠᠭᠠᠯ ᠠᠴᠠ ᠵᠥᠷᠢᠴᠡᠨ ᠬᠢᠴᠢᠶᠡᠯ ᠨᠥᠬᠦᠭᠰᠡᠨ ᠪᠠᠶᠢᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠵᠠᠷᠯᠠᠨ ᠮᠡᠳᠡᠭᠡᠯᠡᠵᠦ᠂ ᠴᠢᠩᠭ᠎ᠠ᠂ ᠬᠦᠨᠳᠦ᠂ ᠲᠦᠷᠭᠡᠨ᠂ ᠰᠢᠭᠤᠷᠬᠠᠢ ᠪᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠢᠴᠢᠶᠡᠯ ᠲᠥᠷᠥᠯ ᠤᠨ ᠪᠣᠯᠪᠠᠰᠤᠷᠠᠯ ᠤᠨ ᠳᠠᠯᠳᠠᠯᠠᠨ ᠥᠭᠡᠷᠡᠲᠦᠭᠦᠯᠦᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠲᠣᠤᠷᠵᠢᠭᠤᠯᠤᠭᠰᠠᠨ ᠶᠡᠷᠦᠩᠬᠡᠶᠢᠯᠡᠭᠰᠡᠨ ᠵᠠᠰᠠᠯᠲᠠ ᠶᠢᠨ ᠲᠣᠭᠲᠠᠯᠴᠠᠭ᠎ᠠ ᠳᠤ ᠣᠷᠣᠭᠤᠯᠵᠤ᠂ ᠨᠡᠶᠢᠭᠡᠮ ᠲᠣᠭᠤᠷᠢᠭ ᠤᠨ ᠶᠡᠷᠦᠩᠬᠡᠶᠢᠯᠡᠨ ᠵᠠᠰᠠᠬᠤ ᠴᠢᠳᠠᠮᠵᠢ ᠶᠢ ᠭᠦᠢᠴᠡᠳ ᠪᠠᠳᠠᠷᠠᠭᠤᠯᠤᠨ᠂ ᠣᠷᠣᠨ ᠬᠡᠪᠴᠢᠶᠡᠨ ᠤ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠥᠷᠨᠢᠭᠦᠯᠬᠦ ᠬᠡᠷᠡᠭᠲᠡᠶ︔ ᠨᠡᠶᠢᠭᠡᠮ ᠤᠨ ᠬᠢᠨᠠᠯᠲᠠ ᠶᠢ ᠴᠢᠩᠭᠠᠳᠬᠠᠨ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠤᠷᠤᠭᠰᠢᠲᠠᠢ ᠨᠡᠪᠲᠡᠷᠡᠭᠦᠯᠵᠦ᠂ ᠠᠰᠠᠭᠤᠳᠠᠯ ᠤᠨ ᠰᠦᠪᠡᠭᠴᠢ ᠶᠢᠨ ᠢᠷᠡᠯᠳᠡ ᠶᠢ ᠥᠷᠭᠡᠳᠬᠡᠵᠦ᠂ ᠬᠠᠤᠯᠢ ᠲᠣᠭᠲᠠᠭᠠᠯ ᠶᠣᠰᠣᠭᠠᠷ᠂ ᠴᠢᠩᠭ᠎ᠠ ᠪᠥᠭᠡᠳ ᠬᠦᠨᠳᠦ ᠪᠠᠷ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠵᠦ᠂ ︽ᠬᠤᠶᠠᠷ ᠢ ᠬᠥᠩᠭᠡᠯᠡᠬᠦ︾ ᠲᠦᠷᠦ ᠶᠢᠨ ᠪᠤᠳᠤᠯᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠮᠡᠳᠡᠭᠳᠡᠯ ᠳᠤ᠂ ᠣᠨ ᠤ ᠪᠠᠶᠢᠴᠠᠭᠠᠯᠲᠠ ᠳᠤ ᠲᠣᠭᠲᠠᠭᠠᠯ ᠳᠤ ᠨᠡᠶᠢᠴᠡᠭᠰᠡᠨ ᠮᠥᠷᠲᠡᠭᠡᠨ ᠠᠰᠢᠭ ᠶᠢᠨ ᠪᠤᠰᠤ ᠴᠢᠨᠠᠷᠲᠠᠶ ᠳᠠᠩᠰᠠᠯᠠᠭᠤᠯᠤᠯᠲᠠ ᠶᠢ ᠪᠡᠶᠡᠯᠡᠭᠦᠯᠦᠭᠰᠡᠨ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠴᠢᠶᠡᠯ ᠲᠥᠷᠥᠯ ᠤᠨ ᠪᠣᠯᠪᠠᠰᠤᠷᠠᠯ ᠤᠨ ᠲᠤᠬᠠᠶᠢᠯᠠᠭᠰᠠᠨ ᠠᠵᠢᠯ ᠢ ᠰᠡᠷᠭᠦᠭᠡᠬᠦ ᠠᠵᠢᠯ ᠢ ᠡᠮᠬᠢ ᠵᠢᠷᠤᠮ ᠲᠠᠢ ᠲᠣᠬᠢᠷᠠᠭᠤᠯᠬᠤ ᠬᠡᠷᠡᠭᠲᠡᠢ᠃ ᠪᠣᠯᠪᠠᠰᠤᠷᠠᠯ ᠤᠨ ᠪᠠᠶᠢᠭᠤᠯᠤᠮᠵᠢ ᠨᠢ ᠠᠰᠢᠭ ᠶᠢᠨ ᠪᠤᠰᠤ ᠴᠢᠨᠠᠷᠲᠠᠶ ᠪᠠᠶᠢᠭᠤᠯᠤᠮᠵᠢ ᠪᠠᠷ ᠳᠠᠩᠰᠠᠯᠠᠭᠤᠯᠬᠤ ᠶᠢ ᠪᠡᠶᠡᠯᠡᠭᠦᠯᠬᠦ ᠠᠴᠠ ᠡᠮᠦᠨ᠎ᠡ᠂ ᠰᠣᠷᠣᠭᠴᠢ ᠡᠯᠰᠡᠵᠦ᠂ ᠰᠦᠢᠳᠬᠡᠯ ᠬᠤᠷᠢᠶᠠᠵᠤ ᠪᠣᠯᠬᠤ ᠥᠬᠡᠶ ᠭᠡᠵᠦ ᠵᠢᠭᠠᠵᠤ ᠭᠠᠷᠭᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ