ᠦᠪᠡᠷᠲᠡᠭᠡᠨ ᠵᠠᠰᠠᠬᠤ ᠣᠷᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠡᠷᠭᠦᠬᠦ ᠪᠠ AED ᠮᠠᠰᠢᠨ ᠳᠣᠭᠢᠷᠠᠭᠤᠯᠬᠤ ᠰᠢᠷᠢᠰ ᠠᠵᠢᠯᠯᠠᠭ᠎ᠠ ᠶᠠᠪᠤᠭᠳᠠᠪᠠ  ᠴᠢ᠊ ᠪᠠᠲᠤ  ᠸᠧᠢ ᠭᠦᠸᠧ ᠨᠠᠨ ᠣᠷᠣᠯᠴᠠᠵᠠᠢ
ᠨᠡᠶᠢᠲᠡᠯᠡᠭᠰᠡᠨ ᠴᠠᠭ᠄
2021/9/16

      9 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ ᠲᠠᠢ ᠬᠠᠮᠲᠤᠷᠠᠨ ᠬᠥᠬᠡᠬᠤᠲᠠ ᠳᠤ ︽ᠣᠭ ᠰᠠᠨᠠᠭ᠎ᠠ ᠠᠷᠠᠳ ᠲᠦᠮᠡᠨ ᠤ ᠲᠥᠯᠥᠭᠡ  ᠬᠠᠶᠢᠷ᠎ᠠ ᠪᠠᠨ ᠬᠠᠮᠲᠤᠳᠬᠠᠨ ᠨᠠᠮ ᠢᠶᠠᠨ ᠳᠠᠭᠠᠬᠤ  ᠪᠢ ᠣᠯᠠᠨ ᠲᠦᠮᠡᠨ ᠳᠤ ᠪᠤᠲᠠᠲᠤ ᠠᠵᠢᠯ ᠬᠢᠵᠦ ᠥᠭᠬᠦ︾ — — ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠵᠢᠴᠢ ᠬᠠᠮᠢᠶ᠎ᠠ ᠪᠥᠬᠦᠶ ᠨᠢᠭᠡᠴᠢ ᠶᠢᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠡᠷᠭᠦᠬᠦ ᠪᠠ AED ᠮᠠᠰᠢᠨ ᠳᠣᠭᠢᠷᠠᠭᠤᠯᠬᠤ ᠰᠢᠷᠢᠰ ᠠᠵᠢᠯᠯᠠᠭ᠎ᠠ ᠶᠢ ᠬᠠᠮᠲᠤᠷᠠᠨ ᠡᠷᠭᠢᠯᠡᠪᠡ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠠᠵᠢᠯᠯᠠᠭ᠎ᠠ ᠳᠤ ᠣᠷᠣᠯᠴᠠᠭᠰᠠᠨ ᠪᠥᠭᠡᠳ ᠬᠠᠨᠳᠢᠪᠯᠠᠭᠰᠠᠨ ᠨᠢᠭᠡᠴᠢ ᠳᠤ ᠲᠠᠯᠠᠷᠬᠠᠯ ᠤᠨ ᠪᠢᠴᠢᠭ ᠭᠠᠷᠳᠠᠭᠤᠯᠵᠠᠢ᠃
      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠵᠦᠪᠯᠡᠯ ᠲᠣᠰ ᠲᠣᠰ ᠰᠢᠭᠤᠳ ᠬᠠᠷᠢᠶ᠎ᠠ ᠪᠠᠶᠢᠭᠤᠯᠭ᠎ᠠ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠨᠢᠭᠡᠴᠢ ᠶᠢ ᠲᠥᠯᠥᠭᠡᠯᠡᠨ ᠵᠣᠭᠤᠰ ᠮᠦᠩᠭᠦ ᠬᠠᠨᠳᠢᠪᠯᠠᠪᠠ᠃ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠬᠤᠯᠪᠣᠭᠳᠠᠯ ᠪᠥᠬᠦᠶ ᠨᠢᠭᠡᠴᠢ ᠲᠠᠢ AED ᠮᠠᠰᠢᠨ ᠳᠣᠭᠢᠷᠠᠭᠤᠯᠬᠤ ᠵᠥᠪᠯᠡᠯᠴᠡᠭᠡᠷ ᠲᠤ ᠭᠠᠷ ᠤᠨ ᠥᠰᠥᠭ ᠵᠢᠷᠤᠵᠤ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠬᠠᠨᠳᠢᠪᠯᠠᠬᠤ ᠨᠢᠭᠡᠴᠢ ᠶᠢᠨ ᠬᠠᠪᠰᠤᠷᠤᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ AED ᠮᠠᠰᠢᠨ ᠳᠣᠭᠢᠷᠠᠭᠤᠯᠬᠤ ᠪᠠᠷ ᠪᠣᠯᠪᠠ᠃
      ᠲᠤᠬᠠᠢ ᠶᠢᠨ ᠲᠠᠯᠠᠪᠠᠢ ᠳᠤ᠂ ᠪᠠᠰᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠬᠠᠨᠳᠢᠪᠯᠠᠬᠤ ᠶᠣᠰᠣᠯᠠᠯ ᠶᠠᠪᠤᠭᠤᠯᠵᠠᠢ᠃ ᠥᠪᠥᠷ ᠮᠣᠩᠭᠤᠯ ᠤᠨ ᠰᠢᠩ ᠯᠦᠩ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠴᠢᠩ ᠱᠦᠶ ᠾᠧ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠮᠢᠶ᠎ᠠ ᠪᠥᠬᠦᠶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ 3000 ᠲᠦᠮᠡᠨ ᠲᠥᠭᠦᠷᠢᠭ ᠬᠠᠨᠳᠢᠪᠯᠠᠪᠠ᠃ ᠥᠪᠥᠷ ᠮᠣᠩᠭᠤᠯ ᠤᠨ ᠴᠤᠤ ᠵᠢᠤᠢ ᠨᠢᠳᠦᠨ ᠰᠠᠯᠠᠭᠠᠨ ᠤ ᠡᠮᠨᠡᠯᠭᠡ ᠶᠢᠨ ᠬᠤᠷᠢᠶ᠎ᠠ᠂

︽ᠬᠡᠷᠡᠯ ᠭᠡᠭᠡ ᠶᠢᠨ ᠠᠶᠠᠯᠠᠯ︾ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠ ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠶᠢ ᠳᠡᠮᠵᠢᠬᠦ ᠳᠤ 240 ᠲᠦᠮᠡᠨ ᠲᠥᠭᠦᠷᠢᠭ ᠬᠠᠨᠳᠢᠪᠯᠠᠪᠠ᠃
      ᠣᠶᠢᠯᠠᠭᠠᠭᠰᠠᠨ ᠢᠶᠠᠷ᠂ ᠡᠨᠡ ᠵᠢᠯ ᠤᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠵᠢᠴᠢ ᠬᠠᠮᠢᠶ᠎ᠠ ᠪᠥᠬᠦᠶ ᠨᠢᠭᠡᠴᠢ᠂ ᠬᠠᠶᠢᠷ᠎ᠠ ᠬᠠᠯᠠᠮᠵᠢᠲᠤ ᠬᠥᠮᠦᠰ ᠤᠨ ᠬᠠᠨᠳᠢᠪᠯᠠᠯ ᠢ ᠨᠡᠶᠢᠲᠡ 382.58 ᠲᠦᠮᠡᠨ ᠲᠥᠭᠦᠷᠢᠭ ᠭᠥᠯᠢᠶᠡᠨ ᠠᠪᠤᠭᠰᠠᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ