ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠠᠮᠤᠷ ᠢ ᠬᠠᠮᠠᠭᠠᠯᠠᠬᠤ ᠠᠵᠢᠯ ᠤᠨ ᠬᠥᠬᠢᠭᠦᠯᠦᠨ ᠰᠠᠶᠢᠰᠢᠶᠠᠬᠤ ᠬᠤᠷᠠᠯ ᠢ ᠬᠤᠷᠠᠯᠳᠤᠭᠤᠯᠪᠠ  ᠾᠧᠩ ᠰᠢᠶᠤᠤ ᠹᠠᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/9/16

      8 ᠳ᠋ᠤᠭᠠᠷ ᠰᠠᠷ᠎ᠠ ᠶᠢᠨ 31 ᠤ ᠡᠳᠦᠷ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠠᠮᠤᠷ ᠢ ᠬᠠᠮᠠᠭᠠᠯᠠᠬᠤ ᠠᠵᠢᠯ ᠤᠨ ᠬᠥᠬᠢᠭᠦᠯᠦᠨ ᠰᠠᠶᠢᠰᠢᠶᠠᠬᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
      ᠬᠤᠷᠠᠯ ᠳᠤ᠂ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠦᠭᠡ ᠶᠠᠷᠢᠪᠠ᠃ ᠲᠠᠳᠠ ᠥᠪᠡᠷᠰᠡᠳ ᠤᠨ ᠲᠡᠷᠢᠭᠦᠨ ᠤ ᠦᠢᠯᠡ ᠠᠵᠢᠯᠯᠠᠭ᠎ᠠ ᠪᠠᠷ ᠢᠶᠠᠨ ᠳᠠᠮᠵᠢᠭᠤᠯᠤᠨ ︽ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠤ ᠦᠢᠯᠡᠴᠢᠯᠡᠬᠦ᠂ ᠬᠠᠤᠯᠢ ᠬᠡᠷᠡᠭᠵᠢᠭᠦᠯᠬᠦ ᠳᠤ ᠲᠥᠪ ᠭᠤᠤᠯᠴᠢ᠂ ᠰᠠᠬᠢᠯᠭ᠎ᠠ ᠪᠠᠲᠤ ᠴᠢᠩᠭ᠎ᠠ︾ ᠵᠣᠷᠢᠭ ᠰᠠᠨᠠᠭᠠᠨ ᠤ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠵᠤ᠂ ︽ᠠᠷᠠᠳ ᠤᠨ ᠳᠣᠲᠣᠭᠠᠳᠤ ᠶᠢ ᠬᠠᠮᠠᠭᠠᠯᠠᠭᠴᠢᠳ ᠠᠷᠠᠳ ᠤᠨ ᠲᠥᠯᠥᠭᠡ︾ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠭᠰᠡᠨ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠲᠥᠪᠯᠡᠷᠡᠩᠭᠦᠶ ᠢᠯᠡᠷᠡᠭᠦᠯᠪᠡ᠃
      ᠬᠤᠷᠠᠯ ᠳᠤ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠤᠨ ᠵᠣᠷᠢᠭ ᠰᠠᠨᠠᠭ᠎ᠠ ᠨᠢ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠣᠷᠢᠭᠲᠠᠢ ᠤᠷᠤᠭᠰᠢᠯᠠᠨ᠂ ᠬᠦᠴᠦᠯᠡᠨ ᠴᠢᠷᠮᠠᠶᠢᠬᠤ ᠶᠢ ᠵᠣᠷᠢᠭᠵᠢᠭᠤᠯᠵᠤ᠂ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠪᠠ ᠦᠢᠯᠡᠳᠦᠯᠭᠡ ᠶᠢᠨ ᠠᠤᠭ᠎ᠠ ᠬᠦᠴᠦᠨ ᠢ ᠢᠯᠡᠷᠡᠭᠦᠯᠪᠡ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠤᠯᠠᠨ ᠴᠠᠭᠳᠠᠭ᠎ᠠ ᠨᠠᠷ ᠴᠢᠬᠤᠯᠠ ᠰᠤᠷᠭᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠴᠢᠨᠠᠷ ᠰᠠᠶᠢᠲᠠᠢ ᠳᠣᠲᠣᠭᠠᠳᠤ ᠶᠢ ᠬᠠᠮᠠᠭᠠᠯᠠᠬᠤ ᠠᠵᠢᠯ ᠢᠶᠠᠷ ᠰᠢᠨ᠎ᠡ ᠠᠶᠠᠨ ᠢ ᠨᠡᠩ ᠰᠠᠶᠢᠲᠤᠷ ᠬᠠᠮᠠᠭᠠᠯᠠᠵᠤ᠂ ᠰᠢᠨ᠎ᠡ ᠡᠷᠢᠨ ᠳᠤ ᠭᠠᠪᠢᠶ᠎ᠠ ᠪᠠᠶᠢᠭᠤᠯᠬᠤ ᠬᠡᠷᠡᠭᠲᠡᠢ᠃ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠳᠠᠭᠤᠷᠢᠶᠠᠯ ᠦᠵᠡᠭᠦᠯᠵᠦ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠬᠢᠵᠦ᠂ ᠦᠢᠯᠡᠰ ᠴᠣᠭᠴᠠᠯᠠᠬᠤ ᠠᠤᠭ᠎ᠠ ᠵᠣᠷᠢᠭ ᠢ ᠭᠦᠢᠴᠡᠳ ᠬᠥᠭᠵᠢᠭᠡᠵᠦ᠂ ᠡᠯ᠎ᠡ ᠵᠦᠢᠯ ᠤᠨ ᠠᠵᠢᠯ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ ᠪᠥᠭᠡᠳ ᠨᠠᠷᠢᠯᠢᠭ ᠰᠠᠶᠢᠲᠤᠷ ᠠᠳᠬᠤᠵᠤ᠂ ᠡᠭᠦᠷᠢᠳᠡ ︽ᠬᠤᠶᠠᠷ ᠬᠠᠯᠬᠠᠪᠴᠢ︾ ᠶᠢᠨ ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ