ᠪᠦᠬᠦ ᠣᠷᠣᠨ ᠤ ᠬᠤᠲᠠ ᠶᠢᠨ ᠨᠠᠷᠢᠯᠢᠭ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠭᠠᠵᠠᠷ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2021/9/16
      8 ᠰᠠᠷ᠎ᠠ ᠶᠢᠨ 28 ᠠᠴᠠ 29 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠥᠬᠡᠬᠤᠲᠠ ᠳᠤ ᠪᠦᠬᠦ ᠣᠷᠣᠨ ᠤ ᠬᠤᠳᠠ ᠶᠢᠨ ᠨᠠᠷᠢᠯᠢᠬ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠭᠠᠵᠠᠷ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠳᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠤᠷᠰᠢᠯᠭ᠎ᠠ ᠪᠠᠨ ᠳ᠋ᠦᠩᠨᠡᠨ ᠰᠣᠯᠢᠯᠴᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠬᠠᠳᠬᠤᠮᠠᠯ ᠬᠠᠳᠬᠤᠬᠤ ᠡᠷᠳᠡᠮ ᠢᠶᠠᠷ ᠬᠤᠳᠠ ᠶᠢᠨ ᠨᠠᠷᠢᠯᠢᠬ ᠬᠠᠮᠢᠶᠠᠷᠤᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠸᠠᠩ ᠯᠢ ᠰᠢᠶᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠲᠠᠢ ᠤᠶᠠᠯᠳᠤᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠬᠤᠲᠠ ᠶᠢᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ᠂ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠮᠠᠨ ᠤ ᠣᠷᠣᠨ ᠤ ᠬᠤᠲᠠ ᠶᠢᠨ ᠨᠠᠷᠢᠯᠢᠬ ᠬᠠᠮᠢᠶᠠᠷᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠸᠠᠩ ᠯᠢ ᠰᠢᠶᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠩ ᠡᠷᠡᠰ ᠪᠠᠲᠤ ᠤᠬᠠᠮᠰᠠᠷ ᠠᠴᠠ ᠪᠠᠨ ᠬᠤᠳᠠ ᠶᠢᠨ ᠠᠵᠢᠯ ᠤᠨ ᠦᠢᠯᠡᠳᠦᠯᠭᠡ ᠶᠢ ᠵᠢᠯᠣᠭᠤᠳᠬᠤ ᠳᠤ ᠬᠡᠷᠡᠭᠯᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠡᠩ ᠬᠥᠮᠦᠯᠢᠭ ᠠᠷᠭ᠎ᠠ ᠬᠡᠮᠵᠢᠶ᠎ᠡ ᠠᠪᠴᠤ᠂ ᠨᠡᠩ ᠬᠠᠨᠳᠤᠯᠭᠠᠲᠤ ᠴᠢᠨᠠᠷ ᠪᠠ ᠰᠢᠨ᠎ᠡ ᠶᠢ ᠡᠭᠦᠳᠬᠦ ᠴᠢᠨᠠᠷ ᠲᠠᠢ ᠵᠠᠰᠠᠯᠲᠠ ᠶᠢ ᠬᠡᠷᠡᠭᠵᠢᠭᠦᠯᠵᠦ᠂ ᠤᠯᠠᠨ ᠲᠦᠮᠡᠨ ᠳᠤ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ ᠪᠠ ᠵᠢᠷᠭᠠᠯᠲᠤ ᠲᠦᠷᠦᠭᠳᠡᠯ ᠣᠯᠭᠤᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠬᠤ ᠠᠴᠠ ᠭᠠᠷᠳᠠᠨ ᠬᠢᠵᠤ᠂ ᠪᠦᠳᠦᠭᠦᠯᠢᠭ ᠮᠠᠶ᠋ᠢᠭ ᠤᠨ ᠬᠠᠮᠢᠶᠠᠷᠤᠯᠲᠠ ᠶᠢᠨ ᠵᠠᠭᠪᠤᠷ ᠢ ᠲᠠᠶᠠᠭᠳᠠᠵᠤ᠂ ᠰᠡᠳᠬᠢᠯ ᠲᠠᠯᠪᠢᠨ᠂ ᠬᠦᠴᠦ ᠤᠷᠤᠭᠤᠯᠤᠨ᠂ ᠨᠠᠷᠢᠨ ᠨᠢᠭᠳᠠ᠂ ᠬᠦᠯᠢᠴᠡᠩᠭᠦᠢ᠂ ᠨᠢᠮᠪᠠᠢ ᠬᠠᠨᠳᠤᠵᠤ᠂ ᠬᠥᠮᠦᠨ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠬᠤᠳᠠ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠵᠤ᠂ ᠨᠠᠷᠢᠯᠢᠬ ᠬᠠᠮᠢᠶᠠᠷᠤᠯᠲᠠ ᠶᠢ ᠠᠯᠬᠤᠮ ᠠᠯᠬᠤᠮ ᠵᠶ᠋ᠡᠷ‌ᠨᠢᠭᠡ ᠵᠦᠢᠯ ᠤᠨ ᠣᠶᠢᠯᠠᠭᠠᠭᠳᠠᠬᠤᠨ᠂ ᠨᠢᠭᠡ ᠵᠦᠢᠯ ᠤᠨ ᠰᠣᠶᠣᠯ᠂ ᠨᠢᠭᠡ ᠵᠦᠢᠯ ᠤᠨ ᠬᠡᠪ ᠰᠤᠷᠲᠠᠯ᠂ ᠨᠢᠭᠡ ᠵᠦᠢᠯ ᠤᠨ ᠪᠣᠯᠪᠠᠰᠤᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃      ᠸᠠᠩ ᠯᠢ ᠰᠢᠶᠠ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠬᠤᠳᠠ ᠶᠢᠨ ᠨᠠᠷᠢᠯᠢᠬ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠨᠠᠷᠢᠯᠢᠬ ᠬᠠᠮᠢᠶᠠᠷᠤᠯᠲᠠ ᠶᠢ ᠬᠤᠲᠠ ᠶᠢᠨ ᠵᠠᠰᠠᠯᠲᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢᠨ ᠴᠢᠬᠤᠯᠠ ᠪᠠᠶᠢᠯᠳᠤᠬᠤ ᠪᠣᠳᠣᠯᠭ᠎ᠠ ᠪᠣᠯᠭᠠᠵᠤ᠂ ᠬᠤᠲᠠ ᠶᠢᠨ ᠵᠠᠰᠠᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠴᠢᠬᠤᠯᠠ ᠠᠷᠭ᠎ᠠ ᠵᠠᠮ ᠪᠠ ᠭᠠᠷᠳᠠᠴᠠ ᠪᠣᠯᠭᠠᠵᠤ᠂ ᠣᠷᠣᠨ ᠤ ᠪᠠᠶᠢᠳᠠᠯ ᠬᠤᠲᠠ ᠶᠢᠨ ᠪᠠᠶᠢᠳᠠᠯ ᠳᠤ ᠰᠠᠭᠤᠷᠢᠯᠠᠨ᠂ ᠰᠢᠰᠲ᠋ᠧᠮ ᠲᠠᠢ ᠲᠦᠯᠦᠪᠵᠢᠭᠦᠯᠵᠤ᠂ ᠨᠢᠮᠪᠠᠶ ᠠᠵᠢᠯᠯᠠᠨ᠂ ᠨᠢᠭᠳᠠ ᠵᠢᠷᠤᠵᠤ ᠲᠥᠯᠥᠪᠯᠡᠨ᠂ ︽ᠨᠠᠷᠢᠪᠴᠢᠯᠠᠴᠠ︾ ᠦᠨᠳᠦᠷ ᠪᠦᠭᠡᠳ ︽ᠳᠤᠯᠠᠭᠠᠴᠠ︾ ᠦᠨᠳᠦᠷ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠳᠠᠢ᠃ ᠥᠨᠳᠥᠷ ᠭᠠᠷᠤᠭ᠎ᠠ ᠠᠴᠠ ᠲᠥᠯᠥᠪᠵᠢᠭᠦᠯᠵᠦ᠂ ᠬᠤᠳᠠ ᠶᠢᠨ ᠠᠮᠢ ᠠᠬᠤᠢ ᠶᠢᠨ ᠴᠢᠳᠠᠮᠵᠢ᠂ ᠲᠡᠦᠬᠡ ᠰᠣᠶᠣᠯ ᠤᠨ ᠬᠠᠮᠠᠭᠠᠯᠠᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠡᠩ ᠴᠢᠬᠤᠯᠠᠴᠢᠯᠠᠬᠤ ᠬᠡᠷᠡᠭᠲᠡᠢ᠃ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠤ᠂ ᠬᠤᠳᠠ ᠶᠢᠨ ᠴᠢᠳᠠᠮᠵᠢ ᠶᠢ ᠳᠡᠭᠡᠭᠰᠢᠯᠡᠭᠦᠯᠬᠦ ᠪᠠᠷ ᠭᠤᠤᠯᠳᠠᠭᠤᠯᠤᠨ᠂ ᠳᠤᠲᠠᠭᠤᠳᠠᠯ ᠢ ᠨᠥᠬᠦᠪᠥᠷᠢᠯᠡᠬᠦ ᠶᠢ ᠲᠤᠪᠤᠶᠢᠯᠭᠠᠵᠤ᠂ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ᠂ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠪᠠᠶᠢᠬᠤ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠶᠢ ᠨᠢᠭᠡᠳᠦᠯᠲᠡᠢ ᠲᠥᠯᠥᠪᠯᠡᠨ ᠪᠦᠳᠦᠭᠡᠨ ᠪᠠᠶᠢᠭᠤᠯᠬᠤ᠂ ᠠᠮᠢ ᠠᠬᠤᠢ ᠪᠠ ᠠᠮᠤᠷ ᠲᠦᠪᠰᠢᠨ ᠢ ᠨᠡᠩ ᠢᠯᠡᠭᠦᠦ ᠴᠢᠬᠤᠯᠠᠴᠢᠯᠠᠵᠤ᠂ ᠬᠤᠳᠠ ᠶᠢᠨ ᠬᠥᠭᠵᠢᠯᠲᠡ ᠶᠢ ᠭᠠᠳᠠᠭᠰᠢ ᠥᠷᠭᠡᠳᠬᠡᠬᠦ ᠬᠡᠯᠪᠡᠷᠢ ᠠᠴᠠ ᠠᠭᠤᠯᠤᠭᠳᠠᠬᠤᠨ ᠢ ᠳᠡᠭᠡᠭᠰᠢᠯᠡᠭᠦᠯᠬᠦ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠥᠨᠳᠥᠷ ᠲᠦᠪᠰᠢᠨ ᠪᠥᠬᠦᠶ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠬᠠᠮᠢᠶᠠᠷᠤᠯᠲᠠ ᠶᠢᠨ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠵᠦ᠂ ᠰᠠᠭᠠᠳ ᠥᠬᠡᠶ ᠨᠡᠪᠲᠡᠷᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠪᠣᠯᠪᠠᠰᠤᠨ ᠠᠵᠢᠯᠯᠠᠭ᠎ᠠ ᠶᠢ ᠬᠥᠲᠥᠯᠥᠨ ᠵᠢᠯᠣᠭᠤᠳᠴᠤ ᠵᠢᠷᠤᠮᠵᠢᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠭᠠᠩ ᠬᠤᠷᠠᠯ ᠢ ᠡᠷᠭᠢᠯᠡᠵᠦ᠂ ᠪᠥᠬᠦ ᠣᠷᠣᠨ ᠤ ᠬᠤᠲᠠ ᠶᠢᠨ ᠨᠠᠷᠢᠯᠢᠬ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠾᠧᠩ ᠰᠢᠶᠤᠤ ᠹᠠᠨ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠪᠥᠬᠦ ᠣᠷᠣᠨ ᠤ ᠬᠤᠲᠠ ᠶᠢᠨ ᠨᠠᠷᠢᠯᠢᠬ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠬᠥᠬᠡᠬᠤᠲᠠ᠂ ᠪᠤᠭᠤᠲᠤ ᠬᠤᠲᠠ᠂ ᠤᠯᠠᠭᠠᠨᠬᠤᠲᠠ ᠶᠢᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠶ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠬᠥᠬᠡᠬᠤᠲᠠ ᠳᠤ ᠤᠶᠤᠨᠲᠤ ᠬᠤᠲᠠ ᠶᠢᠨ ᠬᠠᠮᠢᠶᠠᠷᠤᠯᠲᠠ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠬᠦᠢᠰᠦ ᠪᠠᠷᠢᠯᠭ᠎ᠠ ᠵᠢᠴᠢ ᠭᠠᠵᠠᠷ ᠳᠤᠤᠷᠠᠬᠢ ᠣᠷᠣᠨ ᠵᠠᠶ ᠶᠢ ᠶᠡᠷᠦᠩᠬᠡᠶᠢᠯᠡᠨ ᠠᠰᠢᠠᠠᠯᠠᠬᠤ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠨ ᠵᠠᠰᠠᠬᠤ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ᠂ ᠬᠤᠲᠠ ᠶᠢᠨ ᠨᠣᠭᠤᠭᠠᠷᠠᠭᠤᠯᠤᠯᠲᠠ ᠶᠢᠨ ᠵᠠᠮ᠂ ᠬᠠᠷᠮᠠᠨ ᠴᠡᠴᠡᠷᠯᠢᠭ᠂ ᠤᠶᠤᠨᠲᠤ ᠠᠳᠠᠯ ᠠᠬᠤᠶ ᠵᠡᠷᠭᠡ ᠬᠤᠲᠠ ᠶᠢᠨ ᠨᠠᠷᠢᠯᠢᠬ ᠬᠠᠮᠢᠶᠠᠷᠤᠯᠲᠠ ᠶᠢᠨ ᠪᠠᠶᠢᠳᠠᠯ ᠢ ᠲᠣᠭᠤᠷᠢᠨ ᠦᠵᠡᠪᠡ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ