ᠪᠦᠬᠦ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/16
      9 ᠰᠠᠷ᠎ᠠ ᠶᠢᠨ 11 ᠤ ᠡᠳᠦᠷ᠂ ᠪᠦᠬᠦ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠷᠳᠤᠰ ᠬᠤᠳᠠ ᠶᠢᠨ ᠤᠳᠤᠭ ᠬᠤᠰᠢᠭᠤᠨ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠮᠠᠨ ᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠪᠦᠦ ᠭᠠᠩ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠡᠵᠡᠮᠰᠢᠵᠦ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠢᠮᠠᠭᠲᠠ ︽ᠤᠯᠤᠰ ᠤᠨ ᠶᠡᠭᠡ ᠶᠠᠪᠤᠳᠠᠯ︾ ᠢ ᠰᠡᠳᠭᠢᠯ ᠳᠡᠭᠡᠨ ᠪᠤᠳᠤᠵᠤ᠂ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢ ᠡᠷᠡᠰ ᠪᠠᠲᠤ ᠤᠬᠠᠮᠰᠠᠷ ᠠᠴᠠ ᠪᠠᠨ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠡᠬᠢ ᠡᠭᠦᠰᠦᠯ ᠠᠴᠠ ᠨᠢ ᠪᠠᠭᠠᠰᠬᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠦᠨᠡᠨ ᠠᠴᠠ ᠵᠥᠪ ᠢ ᠡᠷᠢᠵᠦ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠶᠢ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠢ ᠴᠢᠩᠭ᠎ᠠ ᠠᠩᠬᠠᠷᠴᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠬᠡᠵᠤ ᠵᠢᠭᠠᠵᠤ ᠭᠠᠷᠭᠠᠪᠠ᠃      ᠪᠦᠦ ᠭᠠᠩ᠂ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠵᠣᠬᠢᠴᠠᠩᠭᠤᠢ ᠨᠢᠭᠡᠳᠦᠯᠲᠡᠢ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠬᠡᠷᠡᠭᠲᠡᠢ ᠪᠠᠶᠢᠵᠦ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠲᠤ ᠪᠤᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠷᠣᠨ ᠨᠤᠲᠤᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠶ ᠬᠡᠵᠤ ᠴᠢᠬᠤᠯᠠᠴᠢᠯᠠᠪᠠ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠣᠲᠤᠭ ᠬᠤᠰᠢᠭᠤ ᠪᠣᠯᠤᠨ ᠦᠬᠠᠶ ᠬᠤᠲᠠ ᠶᠢᠨ ᠬᠠᠶᠢᠨᠠᠨ ᠲᠣᠭᠤᠷᠢᠭ ᠲᠤ ᠠᠭᠤᠷᠬᠠᠶ ᠶᠢᠨ ᠣᠷᠣᠨ ᠤ ᠵᠠᠯᠭᠠᠯᠳᠤᠭᠰᠠᠨ ᠵᠠᠰᠠᠯᠲᠠ᠂ ᠵᠠᠳᠠᠭᠠᠶ ᠮᠠᠯᠲᠠᠭᠲᠠᠬᠰᠠᠨ ᠨᠦᠬᠡ ᠪᠣᠯᠤᠨ ᠰᠢᠷᠣᠶ ᠤᠪᠤᠭᠠᠯᠠᠭᠰᠠᠨ ᠲᠠᠯᠠᠪᠠᠢ ᠶᠢᠨ ᠵᠠᠰᠠᠯᠲᠠ᠂ ᠤᠶᠤᠨᠴᠢ ᠠᠭᠤᠷᠬᠠᠶ ᠵᠡᠷᠭᠡ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠤᠷᠢᠨ ᠦᠵᠡᠪᠡ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ