9 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
ᠬᠤᠷᠠᠯ ᠠᠴᠠ ᠡᠮᠦᠨ᠎ᠡ᠂ ᠸᠠᠩ ᠯᠢ ᠰᠢᠶᠠ ᠨᠠᠷ ᠥᠪᠥᠷ ᠮᠣᠩᠭᠤᠯ ᠤᠨ ᠸᠧᠢ ᠱᠤ᠋ ᠳ᠋ᠠᠶᠢᠲ᠋ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠪᠣᠯᠤᠨ ᠴᠤᠤ ᠫᠠᠢ ᠰᠢᠨ᠎ᠡ ᠮᠠᠲ᠋ᠧᠷᠢᠶᠠᠯ ᠤᠨ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠵᠡᠢ᠃ ᠬᠤᠷᠠᠯ ᠳᠡᠭᠡᠷ᠎ᠡ᠂ ᠠᠵᠤ ᠠᠬᠤᠶᠢᠯᠠᠯᠲᠠᠨ ᠤ 12 ᠲᠥᠯᠥᠭᠡᠯᠡᠭᠴᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠴᠠᠢ᠃ ᠸᠠᠩ ᠯᠢ ᠰᠢᠶᠠ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠳᠠᠬᠢᠨ ᠯᠠᠪᠯᠠᠨ ᠠᠰᠠᠭᠤᠵᠤ᠂ ᠠᠵᠤ ᠠᠬᠤᠶᠢᠯᠠᠯᠲᠠᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠶᠢᠨ ᠬᠠᠮᠲᠤ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃
ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠦᠰᠦᠨ ᠪᠤᠶᠢᠵᠢᠯᠲᠠ ᠶᠢ ᠳᠣᠲᠣᠨᠣ ᠪᠠᠷ ᠬᠠᠯᠠᠮᠵᠢᠯᠠᠵᠤ᠂ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠬᠤ᠂ ︽ᠬᠤᠶᠠᠷ ᠭᠤᠶᠢᠪᠢᠰᠢ ᠦᠭᠡᠢ︾ ᠶᠢ ᠪᠠᠷᠢᠮᠲᠠᠯᠠᠬᠤ ᠶᠢ ᠢᠮᠠᠭᠲᠠ ᠴᠢᠬᠤᠯᠠᠴᠢᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠡᠷ ᠤᠨ ᠬᠥᠮᠦᠨ︾ ᠤ ᠣᠶᠢᠯᠠᠭᠠᠭᠳᠠᠬᠤᠨ ᠢ ᠴᠢᠩᠭᠠᠳᠬᠠᠵᠤ᠂ ᠵᠠᠰᠠᠭ ᠤᠨ ᠣᠷᠳᠣᠨ ᠪᠣᠳᠠᠲᠠᠶ ᠶᠢ ᠡᠷᠬᠢᠮᠯᠡᠨ ᠬᠦᠢᠴᠡᠳᠬᠡᠵᠤ᠂ ᠠᠵᠤ ᠠᠬᠤᠶᠢᠯᠠᠯ ᠯᠠᠪᠳᠠᠭᠤᠨ ᠪᠠᠲᠤᠲᠠᠶ ᠠᠵᠢᠯᠯᠠᠵᠤ᠂ ᠵᠥᠪ ᠴᠢᠭᠯᠡᠯ ᠪᠠ ᠵᠠᠮ ᠢ ᠲᠣᠭᠲᠠᠭᠠᠵᠤ᠂ ᠮᠠᠨ ᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠨᠠᠩ ᠶᠡᠭᠡ ᠬᠥᠭᠵᠢᠯᠲᠡ ᠶᠢ ᠪᠡᠶᠡᠯᠡᠬᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
ᠸᠠᠩ ᠯᠢ ᠰᠢᠶᠠ᠂ ᠠᠵᠤ ᠠᠬᠤᠶᠢᠯᠠᠯ ᠤᠨ ᠬᠡᠷᠡᠭᠴᠡᠭᠡ ᠪᠣᠯ ᠲᠠᠷᠤᠢ ᠵᠠᠰᠠᠭ ᠤᠨ ᠣᠷᠳᠣᠨ ᠤ ᠪᠠᠴᠢᠮ ᠲᠤᠯᠭᠠᠮ ᠶᠠᠪᠤᠳᠠᠯ᠂ ᠠᠵᠤ ᠠᠬᠤᠶᠢᠯᠠᠯ ᠤᠨ ᠬᠦᠰᠡᠯ ᠪᠣᠯ ᠲᠠᠷᠤᠢ ᠵᠠᠰᠠᠭ ᠤᠨ ᠣᠷᠳᠣᠨ ᠤ ᠦᠶᠯᠡᠴᠢᠯᠡᠭᠡ ᠶᠢᠨ ᠵᠦᠭᠯᠡᠭᠦᠷ ᠮᠥᠨ᠂ ᠠᠵᠤ ᠠᠬᠤᠶᠢᠯᠠᠯ ᠤᠨ ᠲᠦᠪᠡᠭᠳᠡᠯ᠂ ᠬᠦᠴᠢᠷᠳᠡᠯ ᠪᠣᠯ ᠲᠠᠷᠤᠢ ᠵᠠᠰᠠᠭ ᠤᠨ ᠣᠷᠳᠣᠨ ᠤ ᠠᠵᠢᠯ ᠤᠨ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠮᠥᠨ᠃ ᠡᠷᠬᠡᠪᠰᠢ ᠪᠤᠭᠤᠮᠳᠠ ᠰᠢᠪᠲᠤᠯᠤᠨ ᠬᠠᠷᠰᠢ ᠰᠠᠭᠠᠳ ᠢ ᠡᠪᠳᠡᠨ᠂ ᠬᠦᠴᠢᠷᠳᠡᠯ ᠢ ᠠᠷᠢᠯᠭᠠᠵᠤ᠂ ᠰᠦᠷ ᠬᠦᠴᠦᠳᠤ ᠪᠠᠶᠢᠳᠠᠯ ᠪᠠ ᠬᠦᠴᠦᠲᠡᠶ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠳᠤ ᠴᠥᠮ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ᠂ ᠰᠤᠷᠲᠠᠯ ᠢᠶᠠᠨ ᠰᠠᠶᠢᠵᠢᠷᠠᠭᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠡᠰ ᠵᠣᠷᠢᠭ ᠪᠠ ᠪᠤᠳᠠᠳᠤ ᠠᠵᠢᠯᠯᠠᠭ᠎ᠠ ᠶᠢ ᠮᠡᠳᠡᠷᠡᠭᠦᠯᠬᠦ ᠬᠡᠷᠡᠭᠲᠡᠶ᠃ ᠬᠠᠲᠠᠭᠤ ᠠᠷᠭ᠎ᠠ ᠠᠪᠴᠠᠯ ᠢᠶᠠᠷ ᠳᠦᠷᠢᠮᠵᠢᠭᠦᠯᠵᠦ᠂ ᠬᠠᠲᠠᠭᠤ ᠠᠷᠭ᠎ᠠ ᠬᠡᠮᠵᠢᠶ᠎ᠡ ᠪᠠᠷ ᠵᠢᠷᠤᠮᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢᠶᠠᠷ ᠲᠣᠯᠢ ᠪᠣᠯᠭᠠᠵᠤ᠂ ᠰᠢᠶᠳᠪᠦᠷᠢᠲᠦ ᠪᠣᠳᠣᠯᠭ᠎ᠠ ᠶᠢ ᠥᠯᠥ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠥᠯᠥ ᠬᠡᠷᠡᠭᠵᠢᠭᠦᠯᠬᠦ᠂ ᠠᠮᠠᠯᠠᠯᠲᠠ ᠪᠠᠨ ᠥᠯᠥ ᠪᠡᠶᠡᠯᠡᠭᠦᠯᠬᠦ ᠠᠰᠠᠭᠤᠳᠠᠯ᠂ ᠰᠣᠩᠭᠤᠯᠲᠠ ᠶᠢᠨ ᠴᠢᠨᠠᠷᠲᠠᠶ ᠪᠠᠷ ᠡᠷᠬᠡ ᠶᠢ ᠲᠠᠯᠪᠢᠬᠤ᠂ ᠳᠤᠷ᠎ᠠ ᠪᠠᠷ ᠢᠶᠠᠨ ᠬᠠᠤᠯᠢ ᠬᠡᠷᠡᠭᠵᠢᠭᠦᠯᠬᠦ᠂ ᠦᠪᠡᠷ ᠤᠨ ᠳᠤᠷᠠᠰᠢᠯ ᠢᠶᠠᠷ ᠢᠶᠠᠨ ᠠᠷᠭ᠎ᠠ ᠪᠣᠳᠣᠯᠭ᠎ᠠ ᠲᠣᠭᠲᠠᠭᠠᠬᠤ ᠠᠰᠠᠭᠤᠳᠠᠯ᠂ ᠬᠢᠨᠠᠨ ᠵᠥᠪᠰᠢᠶᠡᠷᠡᠬᠦ ᠨᠢ ᠪᠤᠳᠤᠯᠢᠶᠠᠨᠳᠠᠢ ᠦᠷ᠎ᠡ ᠪᠦᠲᠦᠮᠵᠢ ᠪᠠᠷ ᠳᠣᠤᠷ᠎ᠠ᠂ ᠬᠢᠨᠠᠯᠲᠠ ᠬᠠᠮᠢᠶᠠᠷᠤᠯᠲᠠ ᠶᠢᠨ ᠰᠤᠯᠠ ᠴᠢᠩᠭ᠎ᠠ ᠨᠢ ᠬᠡᠮ ᠢᠶᠠᠨ ᠠᠯᠳᠠᠬᠤ᠂ ᠦᠶᠯᠡᠴᠢᠯᠡᠭᠡ ᠨᠢ ᠠᠰᠢᠭ ᠲᠤᠰᠠ ᠶᠢ ᠯᠠ ᠬᠥᠭᠡᠭᠡᠴᠡᠯᠳᠦᠬᠦ ᠠᠰᠠᠭᠤᠳᠠᠯ ᠢ ᠨᠢᠭᠡ ᠨᠢᠭᠡ ᠪᠠᠷ ᠡᠷᠢᠵᠦ ᠭᠠᠷᠭᠠᠨ᠂ ᠨᠢᠭᠡᠳ ᠨᠢᠭᠡ ᠪᠠᠷ ᠰᠢᠶᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠤᠨ ᠪᠤᠳᠤᠯ ᠢᠶᠠᠷ ᠪᠤᠳᠤᠯ ᠢᠶᠠᠨ ᠪᠣᠯᠭᠠᠵᠤ ᠠᠵᠤ ᠠᠬᠤᠶᠢᠯᠠᠯ ᠤᠨ ᠶᠠᠪᠤᠳᠠᠯ ᠢᠶᠠᠷ ᠶᠠᠪᠤᠳᠠᠯ ᠪᠣᠯᠭᠠᠵᠤ᠂ ᠥᠪᠡᠷ ᠤᠨ ᠪᠡᠶ᠎ᠡ ᠪᠠᠷ ᠢᠶᠠᠨ ᠦᠯᠢᠬᠡᠷᠯᠡᠵᠤ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠤᠨ ᠥᠪᠡᠷ ᠤᠨ ᠦᠷᠳᠡᠭ᠂ ᠪᠡᠯᠡ ᠴᠤᠭᠯᠠᠭᠤᠯᠤᠨ ᠪᠡᠯᠡ ᠬᠤᠷᠠᠮᠳᠤᠭᠤᠯᠬᠤ᠂ ᠡᠯᠧᠮᠧᠨ᠋ᠲ ᠤᠨ ᠪᠠᠲᠤᠯᠠᠭ᠎ᠠ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠨ ᠦᠭᠴᠤ᠂ ᠠᠵᠤ ᠠᠬᠤᠶᠢᠯᠠᠯ ᠤᠨ ᠳᠠᠷᠤᠭᠠᠰᠤ ᠶᠢ ᠨᠢ ᠲᠠᠶᠠᠭᠳᠠᠭᠤᠯᠵᠤ᠂ ᠲᠠᠷᠤᠭᠠᠰᠤ ᠦᠬᠡᠢ ᠪᠠᠷ ᠬᠦᠭᠵᠢᠬᠦᠯᠵᠤ᠂ ᠦᠢᠯᠡᠴᠢᠯᠡᠭᠡ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠪᠠᠲᠤᠯᠠᠭ᠎ᠠ ᠬᠠᠩᠭᠠᠬᠤ ᠬᠡᠷᠡᠭᠲᠡᠢ᠃ ᠪᠣᠳᠠᠲᠤ ᠬᠡᠷᠡᠭᠴᠡᠭᠡ ᠶᠢ ᠲᠡᠷᠢᠭᠦᠨ ᠳᠤ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠪᠦᠷᠢᠳᠬᠡᠨ ᠡᠮᠬᠢᠯᠡᠵᠤ᠂ ᠠᠰᠠᠭᠤᠳᠠᠯ ᠲᠠᠢ ᠶᠢ ᠨᠢ ᠰᠠᠶᠢᠵᠢᠷᠠᠭᠤᠯᠵᠤ᠂ ᠬᠤᠭᠤᠰᠣᠨ ᠪᠠᠶᠢᠬᠤ ᠶᠢ ᠨᠢ ᠨᠥᠬᠦᠪᠥᠷᠢᠯᠡᠵᠦ᠂ ᠲᠠᠰᠤᠯᠳᠠᠵᠤ ᠪᠠᠶᠢᠬᠤ ᠶᠢ ᠨᠢ ᠵᠣᠯᠭᠠᠭᠤᠯᠵᠤ᠂ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠤᠷᠢᠳᠴᠢᠯᠠᠨ ᠳᠤᠬᠢᠷᠠᠭᠤᠯᠵᠤ ᠪᠢᠴᠢᠯ ᠳᠤᠬᠢᠷᠠᠭᠤᠯᠤᠯᠳᠠ ᠬᠢᠬᠦ ᠠᠵᠢᠯ ᠢ ᠯᠠᠪᠳᠠᠭᠤᠨ ᠪᠠᠲᠤᠲᠠᠢ ᠬᠢᠵᠦ᠂ ᠰᠠᠶᠢᠨ ᠲᠦᠷᠦ ᠶᠢᠨ ᠪᠤᠳᠤᠯᠭ᠎ᠠ ᠶᠢ ᠦᠨᠡᠨᠬᠦ ᠰᠠᠶᠢᠨ ᠦᠷ᠎ᠡ ᠪᠦᠲᠦᠮᠵᠢ ᠭᠠᠷᠭᠠᠯᠭᠠᠵᠤ᠂ ᠦᠨᠡᠨ ᠪᠣᠳᠠᠲᠠᠢ ᠠᠰᠢᠭ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠯᠢ ᠰᠢᠶᠠ᠂ ᠵᠠᠰᠠᠬ ᠤᠨ ᠤᠷᠳᠤᠨ ᠪᠠ ᠬᠤᠳᠠᠯᠳᠤᠭᠠᠨ ᠤ ᠬᠤᠭᠤᠷᠤᠨᠳᠤᠬᠢ ᠲᠤᠳᠤᠨᠤ ᠴᠢᠭᠡᠴᠢ ᠰᠢᠨ᠎ᠡ ᠬᠠᠷᠢᠴᠠᠭ᠎ᠠ ᠶᠢ ᠪᠠᠶᠢᠭᠤᠯᠬᠤ ᠴᠢᠬᠤᠯᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠶᠠᠪᠤᠯᠴᠠᠭ᠎ᠠ ᠲᠠᠢ ᠪᠣᠯᠪᠠᠴᠤ ᠠᠯᠪᠠᠨ ᠪᠠ ᠬᠤᠳᠠᠯᠳᠤᠭᠠᠨ ᠤ ᠰᠣᠯᠢᠯᠴᠠᠭ᠎ᠠ ᠪᠠᠶᠢᠬᠤ ᠦᠭᠡᠢ᠂ ᠬᠡᠪ ᠤᠨ ᠰᠣᠯᠢᠯᠴᠠᠭ᠎ᠠ ᠲᠠᠢ ᠪᠣᠯᠪᠠᠴᠤ ᠡᠷᠬᠡ ᠮᠥᠩᠭᠦᠨ ᠤ ᠰᠣᠯᠢᠯᠴᠠᠭ᠎ᠠ ᠪᠠᠶᠢᠬᠤ ᠦᠭᠡᠢ᠂ ᠦᠢᠯᠡᠴᠢᠯᠡᠭᠡ ᠪᠠ ᠬᠥᠭᠵᠢᠯᠲᠡ ᠬᠠᠮᠳᠤ ᠪᠠᠷ ᠪᠠᠶᠢᠬᠤ ᠪᠣᠯᠪᠠᠴᠤ ᠠᠰᠢᠭ ᠲᠤᠰᠠ ᠶᠢᠨ ᠶᠠᠪᠤᠯᠴᠠᠭ᠎ᠠ ᠪᠠᠶᠢᠬᠤ ᠦᠭᠡᠢ ᠶᠢ ᠪᠡᠶᠡᠯᠡᠭᠦᠯᠬᠦ ᠬᠡᠷᠡᠭᠲᠡᠢ᠃ ᠠᠷᠭ᠎ᠠ ᠵᠠᠮ ᠢ ᠨᠡᠭᠡᠭᠡᠵᠦ᠂ ᠠᠷᠭ᠎ᠠ ᠵᠠᠮ ᠢ ᠥᠷᠭᠡᠳᠬᠡᠵᠦ᠂ ᠠᠷᠭ᠎ᠠ ᠵᠠᠮ ᠢ ᠰᠢᠯᠤᠭᠤᠳᠬᠠᠵᠤ᠂ ᠡᠬᠦᠳᠡᠨ ᠳᠤᠨᠢ ᠬᠦᠷᠴᠦ ᠰᠤᠷᠪᠤᠯᠵᠢᠯᠠᠨ᠂ ᠡᠭᠦᠳᠡ ᠪᠠᠨ ᠨᠡᠭᠡᠭᠡᠵᠦ ᠰᠤᠷᠪᠤᠯᠵᠢᠯᠠᠭ᠎ᠠ ᠶᠢ ᠬᠦᠯᠢᠶᠡᠨ᠂ ᠪᠠᠶᠢᠩᠭᠤ ᠬᠠᠷᠢᠯᠴᠠᠵᠤ᠂ ᠭᠠᠷ ᠬᠤᠯᠪᠣᠯᠴᠠᠨ ᠬᠦᠴᠢᠷ ᠢ ᠰᠦᠷᠦᠨ᠂ ᠬᠠᠮᠲᠤ ᠪᠠᠷ ᠬᠦᠴᠢᠷ ᠢ ᠰᠢᠢᠳᠪᠦᠷᠢᠯᠡᠵᠦ᠂ ᠬᠠᠮᠲᠤ ᠪᠠᠷ ᠬᠦᠴᠢᠷ ᠢ ᠳᠠᠪᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠬᠠᠮᠰᠠᠷ ᠠᠴᠠ ᠪᠠᠨ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠥᠪ ᠰᠤᠷᠲᠠᠯ ᠢ ᠡᠷᠬᠢᠮᠯᠡᠵᠦ᠂ ᠳᠠᠷᠳᠠᠩ ᠵᠠᠮ ᠢᠶᠠᠷ ᠵᠠᠮᠨᠠᠵᠤ᠂ ᠤᠶᠤᠨ ᠴᠢᠳᠠᠯ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠢ ᠶᠢ ᠰᠢᠪᠲᠤᠯᠬᠤ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠨᠥᠯᠥᠭᠡ ᠶᠢ ᠥᠷᠭᠡᠳᠬᠡᠬᠦ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠳᠡᠭᠡᠷ᠎ᠡ ᠲᠠᠯᠪᠢᠵᠤ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ ᠦᠢᠯᠡᠰ ᠪᠤᠰᠬᠠᠵᠤ ᠰᠢᠨ᠎ᠡ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠠᠬᠤ ᠰᠢᠨ᠎ᠡ ᠴᠠᠭ ᠦᠶ᠎ᠡ ᠶᠢᠨ ᠬᠡᠪ ᠳᠠᠭᠤᠷᠢᠶᠠᠯ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠴᠢ᠊ ᠪᠠᠲᠤ ᠬᠤᠷᠠᠯ ᠳᠤ ᠣᠷᠣᠯᠴᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯᠲᠠᠨ ᠤ 36 ᠲᠥᠯᠥᠭᠡᠯᠡᠭᠴᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃