ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠱᠠᠨᠰᠢ ᠮᠤᠵᠢ ᠶᠢᠨ ᠲᠡᠮᠡᠭᠡᠲᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/17

      9 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠱᠠᠨᠰᠢ ᠮᠤᠵᠢ ᠶᠢᠨ ᠲᠡᠮᠡᠭᠡᠲᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠶᠢ ᠬᠦᠨᠵᠠᠬᠡᠶᠢᠷᠡᠬᠦᠯᠦᠨ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠡᠰᠡᠭ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠲᠥᠰᠦᠯ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠯᠪᠣᠭᠳᠠᠯ ᠪᠦᠬᠦᠢ ᠲᠤᠰᠬᠠᠶ ᠲᠥᠯᠥᠪᠵᠢᠭᠦᠯᠭᠡ ᠵᠡᠷᠭᠡ ᠵᠦᠢᠯ ᠢ ᠰᠤᠳᠤᠯᠪᠠ᠃
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠱᠠᠨᠰᠢ ᠮᠤᠵᠢ ᠶᠢᠨ ᠲᠡᠮᠡᠭᠡᠲᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠭᠤᠰᠢᠯᠠᠭᠤᠯᠬᠤ ᠨᠢ ᠪᠢᠳᠡᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠦᠯᠦᠪᠵᠢᠬᠦᠯᠬᠡ ᠶᠢ ᠡᠬᠢᠯᠡᠭᠦᠯᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠡᠷᠬᠡᠪᠰᠢ ︽ᠬᠤᠶᠠᠷ ᠢ ᠬᠠᠮᠠᠭᠠᠯᠠᠬᠤ︾ ᠦᠨᠳᠦᠷᠴᠡ ᠳᠤ ᠵᠤᠬᠰᠤᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠡᠷᠡᠰ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠬᠡᠷᠡᠭᠲᠡᠶ᠃
      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠨᠢᠭᠲᠠ ᠤᠶᠠᠯᠳᠤᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠥᠨ ᠵᠢᠯᠤᠭᠤᠳᠴᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ ᠣᠶᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠬᠦ ᠳᠤᠮᠳᠠ ᠦᠨᠡᠨᠴᠢ ᠰᠢᠳᠤᠷᠭᠤ ᠪᠠᠶᠢᠬᠤ ᠤᠤᠷ ᠴᠢᠨᠠᠷ ᠢᠶᠠᠨ ᠴᠢᠩᠭᠠᠳᠬᠠᠵᠤ᠂ ᠤᠨᠤᠯ ᠤᠨ ᠰᠠᠭᠤᠷᠢ ᠪᠠᠨ ᠪᠠᠬᠢᠵᠢᠭᠦᠯᠵᠦ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠵᠦ᠂ ᠢᠷᠠᠭᠤ ᠠᠯᠳᠠᠷᠲᠤ ᠬᠤᠪᠢᠰᠬᠠᠯ ᠤᠨ ᠤᠳᠤᠮᠰᠢᠯ ᠢ ᠶᠡᠭᠡ ᠪᠠᠷ ᠪᠠᠳᠠᠷᠠᠭᠤᠯᠵᠤ᠂ ᠵᠣᠷᠢᠭᠲᠠᠢ ᠪᠠᠷ ᠲᠦᠷᠦᠭᠦᠯᠡᠨ ᠬᠢᠬᠦ᠂ ᠡᠷᠡᠯᠬᠡᠭᠯᠡᠨ ᠲᠡᠮᠡᠴᠡᠬᠦ ᠴᠤᠭ ᠰᠦᠯᠳᠡ ᠪᠠᠨ ᠢᠮᠠᠭᠲᠠ ᠪᠠᠲᠤᠯᠠᠵᠤ᠂ ᠨᠡᠩ ᠡᠷᠡᠰ ᠪᠠᠲᠤ ᠤᠬᠠᠮᠰᠠᠷ ᠠᠴᠠ ᠪᠠᠨ ᠨᠠᠮ ᠤᠨ ᠦᠢᠯᠡᠰ ᠤᠨ ᠲᠥᠯᠥᠭᠡ ᠲᠡᠮᠡᠴᠡᠬᠦ ᠬᠡᠷᠡᠭᠲᠡᠢ᠃ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠰᠠᠭᠤᠷᠢ ᠶᠢ ᠬᠦᠴᠦᠯᠡᠨ ᠪᠠᠬᠢᠵᠢᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠠᠬᠦᠯᠦᠨ ᠥᠷᠨᠢᠭᠦᠯᠬᠦ ᠲᠤᠬᠠᠶ ᠤᠯᠠᠮ ᠨᠢᠭᠡ ᠠᠯᠬᠤᠮ ᠲᠣᠳᠣᠷᠬᠠᠶ ᠱᠠᠭᠠᠷᠳᠠᠯᠭ᠎ᠠ ᠳᠤᠷᠠᠳᠴᠠᠶ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ︽ᠳᠥᠷᠪᠡ ᠶᠢ ᠨᠢᠭᠲᠠ ᠠᠩᠬᠠᠷᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠂ ᠲᠥᠷᠥᠯ ᠬᠤᠪᠢᠶᠠᠨ ᠰᠢᠶᠳᠪᠦᠷᠢᠯᠡᠵᠦ᠂ ᠣᠨᠢᠨ ᠲᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠦᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠦᠨᠡᠨ ᠬᠦ ᠴᠢᠩᠳᠠᠯᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠂ ᠲᠣᠪᠤᠶᠢᠮ᠎ᠠ ᠠᠰᠠᠭᠤᠳᠠᠯ ᠢ ᠰᠢᠶᠳᠪᠦᠷᠢᠯᠡᠵᠦ᠂ ᠲᠦᠷᠢᠮ ᠤᠨ ᠳᠤᠲᠠᠭᠤᠳᠠᠯ ᠢ ᠨᠥᠬᠦᠪᠥᠷᠢᠯᠡᠨ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠯᠠᠪᠳᠠᠭᠤᠨ ᠪᠠᠲᠤᠲᠠᠶ ᠠᠬᠢᠴᠠ ᠲᠠᠢ ᠪᠣᠯᠵᠣ᠂ ᠰᠠᠨᠠᠭᠰᠠᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠠᠵᠢᠯ ᠪᠣᠯ ᠬᠠᠤᠯᠢ ᠪᠠᠷ ᠣᠷᠣᠨ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠰᠠᠭᠤᠷᠢ ᠴᠢᠨᠠᠷᠲᠠᠢ ᠠᠵᠢᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠠᠴᠠ ᠬᠠᠤᠯᠢ ᠲᠣᠭᠲᠠᠭᠠᠬᠤ ᠶᠢ ᠤᠳᠤᠷᠢᠳᠬᠤ ᠵᠠᠷᠴᠢᠮ ᠢ ᠡᠷᠡᠰ ᠲᠤᠭᠤᠰᠢᠯᠠᠭᠤᠯᠵᠤ᠂ ᠠᠷᠠᠳ ᠤᠨ ᠲᠥᠯᠥᠭᠡ ᠬᠠᠤᠯᠢ ᠲᠣᠭᠲᠠᠭᠠᠬᠤ ᠶᠢ ᠢᠮᠠᠭᠲᠠ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠷ ᠪᠠᠷᠢᠮᠵᠢᠶᠠᠯᠠᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠬᠤ ᠶᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ᠂ ᠥᠨᠳᠥᠷ ᠪᠦᠲᠦᠮᠵᠢᠲᠡᠶ ᠵᠠᠰᠠᠯᠲᠠ ᠶᠢ ᠠᠬᠢᠭᠤᠯᠬᠤ ᠳᠤ ᠬᠦᠴᠦᠲᠡᠶ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠬᠥᠭᠵᠢᠯᠲᠡ᠂ ᠬᠤᠪᠣᠷ ᠰᠢᠷᠣᠶ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠨᠢ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠥᠲᠥᠭᠡᠨ ᠪᠠᠶᠢᠭᠤᠯᠬᠤ᠂ ᠠᠵᠤ ᠦᠶᠯᠡᠰ ᠤᠨ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠬᠡᠶᠢᠵᠢᠬᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠠ ᠲᠣᠬᠢᠶᠠᠯ ᠤᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠳᠤ ᠲᠣᠳᠣᠷᠬᠠᠶᠢᠯᠠᠭᠰᠠᠨ ᠡᠭᠦᠷᠭᠡ ᠲᠠᠢ ᠬᠠᠷᠭᠤᠭᠤᠯᠵᠤ᠂ ᠠᠷᠭ᠎ᠠ ᠬᠡᠯᠪᠡᠷᠢ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠨᠥᠯᠥᠭᠡᠯᠡᠵᠦ ᠪᠠᠶᠢᠭ᠎ᠠ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶ᠎ᠠ ᠪᠥᠬᠦᠶ ᠢᠵᠢ ᠪᠥᠷᠢᠳᠦᠭᠦᠯᠦᠭᠰᠡᠨ ᠠᠷᠭ᠎ᠠ ᠬᠡᠮᠵᠢᠶ᠎ᠡ ᠶᠢ ᠱᠠᠯᠠᠪᠳᠠᠨ ᠰᠤᠳᠤᠯᠤᠨ ᠲᠣᠭᠲᠠᠭᠠᠵᠤ᠂ ᠡᠯ᠎ᠡ ᠵᠦᠶᠯ ᠤᠨ ᠬᠠᠷᠠᠯᠲᠠ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠣᠷᠣᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ