ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠳᠤ ᠢᠷᠠᠵᠤ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ  ᡁᠢ ᠱᠤ᠋ ᠫᠢᠩ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/9/17

      9 ᠰᠠᠷ᠎ᠠ ᠶᠢᠨ 15᠎ ᠤ ᠡᠳᠦᠷ᠂ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠳᠤ ᠢᠷᠠᠵᠤ ᠱᠠᠯᠠᠪᠳᠠᠭᠤᠯᠤᠨ ᠵᠢᠯᠣᠭᠤᠳᠬᠤ ᠠᠵᠢᠯ ᠥᠷᠨᠢᠭᠦᠯᠪᠡ᠃ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᡁᠢ ᠱᠤ᠋ ᠫᠢᠩ᠂ ᠳᠤᠭᠤᠶᠢᠯᠠᠩ ᠤᠨ ᠳᠡᠳ᠋ ᠳᠠᠷᠤᠭ᠎ᠠ ᠹᠠᠨ ᠰᠢᠤᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠪᠡ᠃
      ᡁᠢ ᠱᠤ᠋ ᠫᠢᠩ᠂ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠪᠣᠯ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠤᠳᠤᠷᠢᠳᠬᠤ ᠪᠠ ᠬᠠᠮᠢᠶᠠᠷᠬᠤ ᠡᠭᠦᠷᠭᠡ ᠲᠤᠰᠢᠶᠠᠯᠳᠤ ᠰᠠᠯᠠᠭ᠎ᠠ ᠮᠥᠴᠢᠷ ᠪᠣᠯᠤᠨ᠎ᠠ᠂ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠬᠠᠷᠢᠭᠤᠴᠠᠵᠤ᠂ ᠬᠠᠷᠢᠭᠤᠴᠠᠯᠭ᠎ᠠ ᠬᠦᠨᠳᠦ ᠶᠡᠭᠡ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠬᠥᠮᠦᠵᠢᠯ ᠴᠡᠭᠴᠡᠯᠡᠯᠲᠡ ᠶᠢᠨ ᠠᠵᠢᠯ ᠢ ᠴᠢᠩᠭ᠎ᠠ ᠪᠥᠭᠡᠳ ᠪᠣᠳᠠᠲᠠᠢ ᠠᠳᠬᠤᠭᠰᠠᠨ ᠨᠢ ᠨᠤᠲᠠᠯᠠᠭᠤᠰᠢᠲᠠᠢ ᠪᠠᠶᠢᠨ᠎ᠠ ᠭᠡᠵᠦ ᠵᠢᠭᠠᠵᠤ ᠭᠠᠷᠭᠠᠪᠠ᠃ ᡁᠢ ᠱᠤ᠋ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ︽ᠬᠤᠤᠰ ᠬᠠᠷᠢᠭᠤᠴᠠᠯᠭ᠎ᠠ︾᠎ ᠶᠢ ᠪᠥᠬᠦ ᠲᠠᠯ᠎ᠠ ᠪᠠᠷ ᠡᠭᠦᠷᠭᠡᠯᠡᠵᠦ᠂ ︽ᠭᠤᠷᠪᠠᠨ ᠪᠠᠶᠢᠭᠤᠯᠭ᠎ᠠ︾᠎ ᠶᠢ ᠲᠦᠷᠦᠭᠦᠯᠡᠨ ᠪᠥᠲᠥᠭᠡᠨ ᠪᠠᠶᠢᠭᠤᠯᠵᠤ᠂ ︽ᠬᠤᠶᠠᠷ ᠦᠨᠳᠦᠷ︾ ᠱᠠᠭᠠᠷᠳᠠᠯᠭ᠎ᠠ ᠶᠢ ᠪᠡᠶᠡᠯᠡᠭᠦᠯᠬᠦ ᠬᠡᠷᠡᠭᠲᠡᠶ᠂ ᠲᠤᠬᠠᠶᠢᠯᠠᠪᠠᠯ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠶᠢᠨ ᠳᠤᠮᠳᠠ᠂ ᠲᠣᠰ ᠪᠡᠶ᠎ᠡ ᠶᠢᠨ ᠬᠥᠮᠦᠵᠢᠯ ᠴᠡᠭᠴᠡᠯᠡᠯᠲᠡ ᠶᠢ ᠰᠠᠶᠢᠲᠤᠷ ᠠᠳᠬᠤᠬᠤ ᠪᠠᠷ ᠪᠠᠷᠠᠬᠤ ᠥᠬᠡᠶ᠂ ᠪᠠᠰᠠ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ᠂ ᠢᠯᠠᠩᠭᠤᠶ᠎ᠠ ᠣᠷᠣᠨ ᠤ ᠰᠢᠭᠤᠳ ᠬᠠᠷᠢᠶ᠎ᠠ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠶᠢᠨ ᠬᠥᠮᠦᠵᠢᠯ ᠴᠡᠭᠴᠡᠯᠡᠯᠲᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠳᠤᠷ ᠵᠢᠯᠣᠭᠤᠳᠴᠤ᠂ ᠳᠡᠭᠡᠳᠦ ᠳᠤᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠵᠤᠷᠪᠤᠰ ᠱᠤᠭᠤᠮ ᠢᠶᠠᠷ ᠤᠶᠠᠯᠳᠤᠭᠤᠯᠬᠤ ᠪᠠᠷ ᠳᠠᠮᠵᠢᠭᠤᠯᠤᠨ᠂ ᠨᠡᠶᠢᠲᠡᠯᠢᠭ ᠴᠢᠨᠠᠷᠲᠠᠶ ᠠᠰᠠᠭᠤᠳᠠᠯ ᠪᠣᠯᠤᠨ ᠪᠤᠳᠠᠭᠠᠯᠢ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠶᠢ ᠤᠶᠠᠯᠳᠤᠭᠤᠯᠬᠤ ᠬᠡᠷᠡᠭᠲᠡᠶ᠃ ᠤᠯᠤᠰ ᠲᠦᠷᠦ ᠶᠢᠨ ᠪᠠᠶᠢᠭᠤᠯᠭ᠎ᠠ᠂ ᠤᠳᠤᠷᠢᠳᠬᠤ ᠪᠠᠶᠢᠭᠤᠯᠭ᠎ᠠ᠂ ᠦᠯᠢᠭᠡᠷ ᠳᠠᠭᠤᠷᠢᠶᠠᠯ ᠪᠠᠶᠢᠭᠤᠯᠭ᠎ᠠ ᠶᠢᠨ ᠪᠠᠷᠢᠮᠵᠢᠶ᠎ᠠ ᠪᠠᠷ ᠴᠢᠩᠭ᠎ᠠ ᠱᠠᠭᠠᠷᠳᠠᠵᠤ᠂ ᠡᠯ᠎ᠡ ᠵᠦᠢᠯ ᠤᠨ ᠠᠵᠢᠯ ᠳᠤᠮᠳᠠ ᠪᠠᠨ ᠲᠦᠷᠦᠬᠦᠯᠡᠨ ᠬᠢᠵᠤ᠂ ᠨᠡᠩ ᠴᠢᠩᠭ᠎ᠠ ᠬᠠᠨᠳᠤᠵᠤ᠂ ᠨᠡᠩ ᠥᠨᠳᠥᠷ ᠪᠠᠷᠢᠮᠵᠢᠶ᠎ᠠ᠂ ᠨᠡᠩ ᠥᠨᠳᠥᠷ ᠭᠠᠷᠤᠭ᠎ᠠ ᠶᠢ ᠢᠯᠡᠷᠡᠭᠦᠯᠦᠨ᠂ ᠬᠥᠮᠦᠵᠢᠯ ᠴᠡᠭᠴᠡᠯᠡᠯᠲᠡ ᠶᠢ ᠦᠨᠡᠨ ᠬᠦ ᠰᠠᠶᠢᠲᠤᠷ ᠪᠣᠳᠠᠲᠠᠢ ᠬᠢᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠠᠶᠢᠨ ᠰᠠᠶᠢᠬᠠᠨ ᠲᠦᠷᠢ ᠲᠥᠷᠬᠦ ᠶᠢ ᠱᠤᠭᠤᠬᠤ ᠬᠡᠷᠡᠭᠲᠡᠢ ᠭᠡᠵᠤ ᠱᠠᠭᠠᠷᠳᠠᠪᠠ᠃
      ᠯᠢᠨ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠨᠢᠭᠡ ᠭᠤᠣᠯ ᠰᠢᠵᠢᠮ︾᠎ ᠤᠨ ᠲᠤᠭᠤᠷᠢᠨ ᠳᠤ᠂ ︽ᠬᠤᠶᠠᠷ ᠦᠨᠳᠦᠷ︾᠎ ᠤᠨ ᠱᠠᠭᠠᠷᠳᠠᠯᠭ᠎ᠠ ᠶᠢ ᠡᠵᠡᠮᠳᠡᠵᠦ᠂ ︽ᠭᠤᠷᠪᠠ ᠶᠢ ᠲᠤᠪᠤᠶᠢᠯᠭᠠᠬᠤ︾᠎ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠬᠦᠮᠦᠵᠢᠯ ᠴᠡᠭᠴᠡᠯᠡᠯᠳᠡ ᠶᠢᠨ ᠠᠵᠢᠯ ᠳᠤᠮᠳᠠ ᠡᠮᠦᠨ᠎ᠡ ᠨᠢ ᠬᠤᠰᠢᠭᠤᠴᠢᠯᠠᠵᠤ᠂ ᠦᠯᠢᠭᠡᠷ ᠳᠠᠭᠤᠷᠢᠶᠠᠯ ᠪᠣᠯᠬᠤ ᠶᠢ ᠪᠠᠲᠤᠯᠠᠨ᠎ᠡ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠬᠦᠳᠦᠯᠦᠨ ᠵᠢᠯᠤᠭᠤᠳᠬᠤ ᠶᠢ ᠴᠢᠩᠭᠠᠳᠬᠠᠨ᠂ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠤ ᠦᠶ᠋ᠯᠡᠳᠦᠯ ᠢ ᠰᠠᠶᠢᠲᠤᠷ ᠪᠠᠳᠠᠷᠠᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠦᠨ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠵᠤ᠂ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠭᠢᠯᠭᠡ ᠶᠢ ᠦᠨᠡᠨ ᠬᠦ ᠴᠢᠩᠭᠠᠳᠬᠠᠨ᠎ᠠ᠃ ᠰᠤᠷᠤᠯᠴᠠᠯᠭ᠎ᠠ ᠬᠥᠮᠦᠵᠢᠯ ᠢ ᠢᠮᠠᠭᠲᠠ ᠲᠤᠭᠤᠰᠢᠯᠠᠭᠤᠯᠬᠤ᠂ ᠪᠠᠶᠢᠴᠠᠭᠠᠨ ᠴᠡᠭᠴᠡᠯᠡᠬᠦ ᠶᠢ ᠰᠠᠶᠢᠲᠤᠷ ᠠᠳᠬᠤᠵᠤ ᠪᠣᠳᠠᠲᠠᠢ ᠠᠳᠬᠤᠵᠤ᠂ ᠠᠷᠬᠠᠭ ᠭᠡᠮ ᠢ ᠪᠦᠲᠦᠮᠵᠢᠲᠡᠢ ᠴᠡᠭᠴᠡᠯᠡᠨ ᠵᠠᠰᠠᠵᠤ᠂ ᠲᠦᠷᠢᠮ ᠲᠣᠭᠲᠠᠭᠠᠯ ᠲᠣᠭᠲᠠᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾᠎ ᠶᠢ ᠭᠦᠨᠵᠡᠭᠡᠢ ᠬᠢᠵᠦ ᠪᠣᠳᠠᠲᠠᠢ ᠬᠢᠵᠦ᠂ ᠳᠤᠲᠠᠭᠤᠳᠠᠯ ᠪᠠ ᠪᠠᠭᠤᠷᠠᠢ ᠲᠠᠯ᠎ᠠ ᠪᠠᠨ ᠬᠦᠴᠦᠯᠡᠨ ᠨᠥᠬᠦᠪᠥᠷᠢᠯᠡᠵᠦ᠂ ᠦᠷᠭᠦᠯᠵᠢᠯᠡᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠦᠨ᠂ ᠬᠥᠮᠦᠵᠢᠯ ᠴᠡᠭᠴᠡᠯᠡᠯᠲᠡ ᠶᠢᠨ ᠠᠵᠢᠯ ᠤᠨ ᠡᠮᠬᠢ ᠵᠢᠷᠤᠮ ᠲᠠᠢ ᠶᠠᠪᠤᠬᠳᠠᠬᠤ ᠶᠢ ᠠᠬᠢᠭᠤᠯᠤᠨ᠎ᠠ ᠭᠡᠵᠤ ᠢᠯᠡᠳᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ