ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠵᠢᠴᠢ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ  ᠯᠢ ᠪᠢᠩ ᠷᠦᠩ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/9/17

      9 ᠳ᠋ᠦ᠋ᠭᠡᠷ ᠰᠠᠷ᠎ᠠ ᠶᠢᠨ 15᠎ ᠤ ᠡᠳᠦᠷ᠂ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠢᠴᠢ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
      ᠬᠤᠷᠠᠯ ᠠᠴᠠ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠬᠢᠯᠡᠯᠲᠡ ᠶᠢᠨ ᠵᠢᠯ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠦᠨᠴᠡ᠂ ᠥᠷᠭᠡᠴᠡ᠂ ᠬᠦᠴᠢᠷᠳᠡᠯ ᠨᠢ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠳᠣᠣᠷ᠎ᠠ ᠦᠭᠡᠢ ᠪᠠᠶᠢᠵᠤ᠂ ᠬᠠᠷᠢᠭᠤᠴᠠᠯᠭ᠎ᠠ ᠨᠡᠩ ᠬᠦᠨᠳᠦ᠂ ᠪᠠᠷᠢᠮᠵᠢᠶ᠎ᠠ ᠨᠡᠩ ᠥᠨᠳᠥᠷ ᠶᠤᠮ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃
      ᠬᠤᠷᠠᠯ ᠠᠴᠠ ᠴᠢᠬᠤᠯᠠᠴᠢᠯᠠᠭᠰᠠᠨ ᠨᠢ᠂ ᠳᠤᠲᠠᠭᠤᠳᠠᠯ ᠢᠶᠠᠨ ᠨᠥᠬᠦᠪᠥᠷᠢᠯᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠦ᠂ ᠮᠢᠬ᠎ᠠ᠂ ᠨᠣᠯᠤᠤᠷ᠂ ᠲᠥᠮᠥᠰᠥ ᠵᠡᠷᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠠᠴᠠ ᠡᠭᠦᠰᠴᠦ᠂ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠥᠨᠳᠥᠷ ᠲᠦᠪᠰᠢᠨ ᠢᠶᠠᠷ ᠰᠠᠶᠢᠲᠤᠷ ᠲᠥᠯᠥᠪᠵᠢᠭᠦᠯᠬᠦ ᠬᠡᠷᠡᠭᠲᠡᠢ᠃ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠰᠤᠷᠲᠠᠯ ᠢᠶᠠᠨ ᠬᠤᠪᠢᠷᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ