ᠣᠷᠳᠣᠰ ᠬᠤᠲᠠ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠠᠴᠠ ᠡᠮᠦᠨᠡᠬᠢ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2021/9/17

     ᠰᠣᠶᠣᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠢᠳᠡᠪᠬᠢᠲᠡᠶ ᠪᠦᠷᠢᠯᠳᠦᠭᠦᠯᠵᠦ᠂ ᠣᠷᠳᠣᠰ ᠬᠤᠲᠠ ᠶᠢᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠲᠦᠷᠦᠭᠦᠬᠡᠨ ᠣᠷᠳᠣᠰ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠬᠦ ᠬᠦᠴᠦᠨ ᠢᠶᠠᠨ ᠵᠣᠬᠢᠶᠠᠨ ᠪᠠᠶᠢᠭᠤᠯᠵᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠠᠴᠠ ᠡᠮᠦᠨᠡᠬᠢ ︽ᠬᠤᠤᠰ ᠲᠠᠰᠢᠷᠠᠮ︾᠎ ᠤᠨ ᠪᠠᠶᠢᠴᠠᠭᠠᠯᠲᠠ ᠶᠢ ᠥᠷᠨᠢᠭᠦᠯᠪᠡ᠃
     ᠬᠠᠤᠯᠢ ᠬᠡᠷᠡᠭᠵᠢᠭᠦᠯᠬᠦ ᠠᠵᠢᠯᠲᠠᠳ ᠡᠵᠡᠨ ᠬᠤᠷᠤᠭ᠎ᠠ ᠬᠤᠰᠢᠭᠤᠨ ᠤ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ᠂ ᠰᠦᠯᠵᠢᠶᠡᠨ ᠤ ᠪᠠᠭᠠᠷ᠂ ᠨᠣᠮ ᠤᠨ ᠳᠡᠯᠭᠡᠭᠦᠷ᠂ ᠬᠡᠪᠯᠡᠯ ᠤᠨ ᠦᠢᠯᠡᠳᠪᠦᠷᠢ ᠵᠡᠷᠭᠡ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠡᠳᠦᠷ ᠲᠤᠲᠤᠮ ᠤᠨ ᠪᠠᠶᠢᠴᠠᠭᠠᠯᠲᠠ ᠬᠢᠭᠰᠡᠨ ᠵᠡᠷᠭᠡ ᠪᠠᠶᠢᠳᠠᠯ᠂ ᠵᠢᠴᠢ ᠲᠠᠯᠠᠪᠤᠷ ᠭᠠᠵᠠᠷ ᠤᠨ ᠠᠮᠤᠷ ᠲᠦᠪᠰᠢᠨ ᠤ ᠭᠠᠷᠴᠠ᠂ ᠲᠠᠷᠬᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠭᠰᠠᠨ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ ᠢ ᠣᠯᠵᠤ ᠮᠡᠳᠡᠪᠡᠯ ᠴᠠᠭ ᠲᠤᠬᠠᠶ ᠳᠤ ᠨᠢ ᠲᠤᠬᠠᠶ ᠶᠢᠨ ᠲᠠᠯᠠᠪᠤᠷ ᠲᠤ ᠨᠢ ᠴᠡᠭᠴᠡᠯᠡᠨ ᠵᠠᠰᠠᠵᠤ᠂ ᠲᠤᠬᠠᠶ ᠶᠢᠨ ᠲᠠᠯᠠᠪᠤᠷ ᠲᠤ ᠨᠢ ᠴᠡᠭᠴᠡᠯᠡᠨ ᠵᠠᠰᠠᠵᠤ ᠳᠡᠶᠢᠯᠬᠦ ᠥᠬᠡᠶ ᠪᠠᠶᠢᠪᠠᠯ᠂ ᠬᠠᠷᠢᠶ᠎ᠠ ᠭᠠᠵᠠᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠱᠠᠭᠠᠷᠳᠠᠨ ᠴᠡᠭᠴᠡᠯᠡᠨ ᠵᠠᠰᠠᠭᠰᠠᠨ ᠢ ︽ᠪᠤᠴᠠᠵᠤ ᠪᠠᠶᠢᠴᠠᠭᠠᠯᠭᠠᠬᠤ︾᠎ ᠶᠢ ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ ᠲᠠᠯᠠᠪᠤᠷ ᠭᠠᠵᠠᠷ ᠤᠨ ᠡᠷᠡᠭᠦᠯ ᠮᠡᠨᠳᠦ ᠶᠢᠨ ᠺᠣᠳ᠋ ᠢ ᠰᠢᠯᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠦᠨᠡᠨ ᠨᠡᠷ᠎ᠡ ᠪᠠᠷ ᠳᠠᠩᠰᠠᠯᠠᠬᠤ ᠵᠡᠷᠭᠡ ᠠᠵᠢᠯ ᠢ ᠳᠠᠷᠠᠭᠠᠯᠠᠨ ᠪᠠᠶᠢᠴᠠᠭᠠᠪᠠ᠃ ᠠᠷᠢᠭᠤᠳᠬᠠᠬᠤ ᠲᠥᠬᠦᠭᠡᠷᠦᠮᠵᠢ ᠵᠢᠴᠢ ᠠᠷᠢᠭᠤᠳᠬᠠᠬᠤ ᠡᠳ᠋ ᠪᠣᠳᠠᠰ ᠢ ᠪᠦᠷᠢᠨ ᠭᠦᠢᠴᠡᠳ ᠲᠣᠬᠢᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠯᠠᠪᠤᠷ ᠭᠠᠵᠠᠷ ᠢ ᠠᠷᠢᠭᠤᠳᠬᠠᠨ ᠠᠭᠠᠷ ᠨᠡᠪᠲᠡᠷᠡᠭᠦᠯᠬᠦ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢ ᠬᠢᠨᠠᠨ ᠰᠢᠨᠵᠢᠬᠦ ᠠᠵᠢᠯ ᠢ ᠰᠠᠶᠢᠲᠤᠷ ᠬᠢᠵᠦ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠠᠮᠤᠷ ᠲᠦᠪᠰᠢᠨ ᠤ ᠤᠬᠠᠮᠰᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠤᠯᠠᠮ ᠳᠡᠭᠡᠭᠰᠢᠯᠡᠭᠦᠯᠵᠦ᠂ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠠᠬᠢ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠦᠬᠦ ᠬᠦᠴᠦ ᠪᠠᠷ ᠢᠶᠠᠨ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠵᠠᠶ᠃
     ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠰᠣᠶᠣᠯ ᠤᠨ ᠡᠵᠡᠩᠨᠡᠯᠲᠡ ᠶᠢᠨ 8 ᠲᠠᠯᠠᠪᠤᠷ ᠭᠠᠵᠠᠷ ᠢ ᠪᠠᠶᠢᠴᠠᠭᠠᠵᠤ᠂ 56 ᠬᠠᠤᠯᠢ ᠬᠡᠷᠡᠭᠵᠢᠭᠦᠯᠬᠦ ᠠᠵᠢᠯᠲᠠᠨ ︵ᠤᠳᠠᠭ᠎ᠠ︶᠎ ᠢ ᠳᠠᠶᠢᠴᠢᠯᠠᠵᠤ᠂ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠪᠦᠲᠦᠮᠵᠢᠲᠡᠶ ᠵᠢᠷᠤᠮᠵᠢᠭᠤᠯᠤᠨ᠂ ᠠᠮᠠᠷᠠᠯᠲᠠ ᠶᠢᠨ ᠬᠤᠭᠤᠴᠠᠭᠠᠨ ᠳᠠᠬᠢ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠢ ᠦᠨᠡᠨ ᠬᠦ ᠪᠠᠲᠤᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ