ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶᠠᠨ ᠤ ᠪᠠᠶᠢᠩᠭᠤ  ᠶᠢᠨ ᠬᠤᠷᠢᠶ᠎ᠠ ᠬᠤᠷᠠᠯ  ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶  ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2021/9/17

    9 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ  ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ

ᠡᠷᠬᠢᠯᠡᠪᠡ᠃
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠶ᠂ ᠦᠭᠡ ᠦᠨᠡᠨᠴᠢ ᠤᠳᠬ᠎ᠠ ᠭᠦᠨ ᠪᠠᠶᠢᠵᠤ᠂ ᠰᠢᠨ᠎ᠡ ᠴᠠᠭ ᠦᠶ᠎ᠡ ᠶᠢᠨ ᠵᠠᠯᠠᠭᠤ ᠺᠠᠳ᠋ᠷᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠭᠰᠠᠨ ᠪᠥᠭᠡᠳ ᠪᠠᠰᠠ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠠᠯᠠᠭᠤ ᠺᠠᠳ᠋ᠷᠴᠤᠳ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠭᠰᠠᠨ ᠪᠠᠶᠢᠨ᠎ᠡ᠃ ᠪᠢᠳᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠭᠤᠤᠯ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠬᠦᠨᠵᠡᠭᠡᠢ ᠤᠢᠢᠯᠠᠭᠠᠵᠤ᠂ ᠣᠨᠣᠪᠴᠢᠲᠠᠶ ᠡᠵᠡᠮᠳᠡᠵᠤ᠂ ᠨᠠᠮ ᠤᠨ ᠦᠢᠯᠡᠰ ᠢ ᠵᠠᠯᠭᠠᠮᠵᠢᠯᠠᠬᠤ ᠶᠢ ᠠᠬᠢᠭᠤᠯᠬᠤ ᠠᠴᠠ ᠡᠭᠦᠰᠴᠤ᠂ ᠵᠠᠯᠠᠭᠤ ᠺᠠᠳ᠋ᠷᠴᠤᠳ ᠢ ᠰᠤᠷᠭᠠᠨ ᠬᠥᠮᠦᠵᠢᠭᠦᠯᠬᠦ ᠪᠠ ᠬᠠᠮᠢᠶᠠᠷᠴᠤ ᠬᠢᠨᠠᠯᠲᠠ ᠲᠠᠯᠪᠢᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠲᠥᠯᠥᠪᠵᠢᠭᠦᠯᠭᠡ ᠶᠢ ᠴᠢᠩᠭᠠᠳᠬᠠᠵᠤ᠂ ᠲᠣᠭᠲᠡᠴᠡ ᠶᠢ ᠲᠡᠭᠦᠯᠳᠡᠷᠵᠢᠭᠦᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠥᠷᠭᠡᠨ ᠤᠯᠠᠨ ᠵᠠᠯᠠᠭᠤ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠣᠲᠣᠷ ᠲᠠᠮᠢᠷ ᠢ ᠨᠢ ᠰᠠᠶᠢᠲᠤᠷ ᠪᠣᠯᠪᠠᠰᠤᠷᠠᠭᠤᠯᠵᠤ᠂ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠵᠤ᠂ ᠴᠢᠳᠠᠪᠤᠷᠢ ᠶᠢ ᠨᠢ ᠨᠡᠮᠡᠭᠳᠡᠭᠦᠯᠵᠤ᠂ ᠶᠡᠭᠡ ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠨᠢᠷᠤᠭᠤ ᠲᠤᠯᠭᠠᠭᠤᠷᠢ ᠪᠤᠯᠭᠠᠬᠤ ᠪᠠᠷ ᠴᠢᠷᠮᠠᠶᠢᠵᠤ᠂ ᠮᠠᠨ ᠤ ᠣᠷᠣᠨ ᠤ ᠵᠠᠯᠠᠭᠤ ᠺᠠᠳ᠋ᠷᠴᠤᠳ ᠤᠨ ᠠᠵᠢᠯ ᠨᠡᠩ ᠶᠡᠭᠡ ᠠᠬᠢᠴᠠ ᠲᠠᠢ ᠪᠣᠯᠬᠤ᠂ ᠵᠠᠯᠠᠭᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠲᠤ ᠵᠢᠭᠠᠬᠰᠠᠨ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠪᠣᠯᠬᠤ ᠪᠦᠭᠡᠳ ᠪᠠᠰᠠ ᠴᠤ ᠪᠥᠬᠦ ᠨᠠᠮ ᠤᠨ ᠭᠡᠰᠢᠭᠦᠨ᠂ ᠺᠠᠳ᠋ᠷᠴᠤᠳ ᠲᠤ ᠵᠢᠭᠠᠬᠰᠠᠨ ᠲᠦᠢᠯ ᠤᠨ ᠴᠢᠬᠤᠯᠠ ᠪᠥᠭᠡᠳ ᠭᠦᠨ ᠭᠦᠨᠵᠡᠭᠡᠶ ᠨᠠᠮᠴᠢ ᠴᠢᠨᠠᠷ ᠤᠨ ᠪᠣᠯᠪᠠᠰᠤᠷᠠᠯ ᠤᠨ ᠬᠢᠴᠢᠶᠡᠯ ᠪᠠ ᠤᠯᠤᠰ ᠲᠥᠷᠥ ᠶᠢᠨ ᠬᠥᠮᠦᠵᠢᠯ ᠤᠨ ᠬᠢᠴᠢᠶᠡᠯ ᠪᠣᠯᠤᠨ᠎ᠠ᠃ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠤᠢᠢᠯᠠᠭᠠᠨ ᠡᠵᠡᠮᠰᠢᠵᠦ᠂ ᠰᠠᠶᠢᠳᠤᠷ ᠣᠶᠢᠯᠠᠭᠠᠵᠤ ᠲᠤᠭᠤᠷᠠᠳᠠᠯ᠎ᠡ ᠮᠡᠳᠡᠵᠤ ᠪᠤᠳᠠᠳᠠᠢ ᠬᠢᠬᠦ ᠳᠡᠭᠡᠷ᠎ᠡ ᠦᠨᠡᠨ ᠬᠦ ᠬᠦᠴᠦ ᠣᠷᠣᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠵᠢᠷᠭᠤᠭᠠᠨ ᠲᠠᠯ᠎ᠠ ᠶᠢᠨ ᠴᠢᠬᠤᠯᠠ ᠱᠠᠭᠠᠷᠳᠠᠯᠭ᠎ᠠ ᠶᠢ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠢᠲᠡᠭᠡᠯ ᠪᠢᠰᠢᠷᠡᠯ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠡᠪ ᠬᠠᠮᠲᠤᠴᠤᠳ ᠤᠨ ︽ᠰᠡᠳᠬᠢᠯ ᠤᠨ ᠲᠠᠮᠢᠷ︾ ᠢ ᠦᠷᠭᠦᠯᠵᠢᠯᠡᠨ ᠰᠠᠶᠢᠲᠤᠷ ᠵᠠᠰᠠᠵᠤ᠂ ᠤᠶᠤᠨ ᠰᠠᠨᠠᠭᠠᠨ ᠤ ︽ᠺᠠᠯᠼ︾ ᠢ ᠭᠦᠢᠴᠡᠳ ᠨᠦᠬᠦᠪᠤᠷᠢᠯᠡᠵᠤ᠂ ᠡᠩᠬᠡ ᠲᠠᠶᠢᠪᠤᠩ ᠴᠠᠭ ᠦᠶ᠎ᠡ ᠶᠢᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠡᠯ᠎ᠡ ᠵᠦᠢᠯ ᠤᠨ ᠰᠢᠯᠭᠠᠯᠲᠠ ᠶᠢ ᠳᠠᠭᠠᠭᠠᠵᠤ᠂ ᠦᠬᠡᠳᠡ ᠲᠠᠢ ᠤᠷᠤᠭᠤ ᠲᠠᠢ ᠠᠯᠢ ᠨᠢᠬᠡᠨ ᠣᠷᠴᠢᠨ ᠳᠤ ᠭᠡᠰᠡᠨ ᠦᠭᠡᠢ᠂ ᠨᠢᠬᠡᠯᠡ ᠰᠡᠤᠨᠬᠢᠯ ᠢᠶᠠᠷ ᠨᠠᠮ ᠢᠶᠠᠨ ᠳᠠᠭᠠᠵᠤ᠂ ᠤᠭᠳᠤ ᠭᠤᠶᠢᠪᠢᠰᠢ ᠦᠬᠡᠢ ᠪᠠᠶᠢᠬᠤ ᠬᠡᠷᠡᠭᠲᠡᠢ᠃ ᠤᠬᠠᠮᠰᠠᠷ ᠠᠴᠠ ᠪᠠᠨ ᠪᠣᠳᠠᠲᠤ ᠪᠠᠶᠢᠳᠠᠯ ᠢ ᠴᠢᠬᠤᠯᠠᠴᠢᠯᠠᠬᠤ᠂ ᠦᠨᠡᠨ ᠠᠴᠠ ᠵᠥᠪ ᠢ ᠡᠷᠢᠬᠦ ᠶᠢ ᠪᠡᠶᠡᠯᠡᠭᠦᠯᠵᠦ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠤᠴᠢᠷ ᠶᠠᠪᠤᠳᠠᠯ ᠰᠢᠢᠳᠪᠦᠷᠢᠯᠡᠬᠦ ᠳᠤ ᠴᠥᠮ ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠵᠤ᠂ ᠦᠨᠡᠨ ᠦᠭᠡ ᠬᠡᠯᠡᠬᠦ᠂ ᠪᠣᠳᠠᠲᠤ ᠶᠠᠪᠤᠳᠠᠯ ᠬᠢᠬᠦ᠂ ᠰᠢᠳᠤᠷᠭᠤ ᠬᠥᠮᠦᠨ ᠪᠣᠯᠬᠤ ᠶᠢ ᠨᠠᠮᠴᠢ ᠴᠢᠨᠠᠷ ᠤᠨ ᠪᠣᠯᠪᠠᠰᠤᠷᠠᠯ ᠪᠠ ᠲᠠᠪᠳᠠᠨ ᠪᠣᠯᠪᠠᠰᠤᠷᠠᠭᠤᠯᠤᠯᠳᠠ ᠶᠢᠨ ᠴᠢᠬᠤᠯᠠ ᠠᠭᠤᠯᠭ᠎ᠠ ᠪᠣᠯᠭᠠᠵᠤ᠂ ᠵᠣᠷᠢᠭᠲᠠᠢ ᠪᠠᠷ ᠦᠨᠡᠨ ᠶᠣᠰᠣ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠰᠡᠳᠬᠢᠬᠦ ᠳᠡᠭᠡᠨ ᠴᠢᠳᠠᠮᠠᠭᠠᠢ ᠪᠠᠶᠢᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ︽ᠭᠤᠷᠪᠠᠨ ᠴᠢᠩᠭ᠎ᠠ ᠭᠤᠷᠪᠠᠨ ᠪᠣᠳᠠᠲᠠᠢ︾ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠤᠬᠠᠮᠰᠠᠷ ᠠᠴᠠ ᠪᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯ ᠬᠢᠬᠦ᠂ ᠠᠵᠢᠯ ᠬᠢᠬᠦ ᠳᠡᠭᠡᠨ ᠰᠥᠰᠥ ᠵᠣᠷᠢᠭ ᠲᠠᠢ ᠪᠠᠶᠢᠬᠤ᠂ ᠲᠠᠷᠤᠭ᠎ᠠ ᠰᠠᠭᠤᠬᠤ ᠳᠤ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠤᠴᠢᠷ ᠶᠠᠪᠤᠳᠠᠯ ᠲᠤᠯᠭᠠᠷᠠᠬᠤ ᠳᠤ ᠬᠦᠴᠢᠷ ᠠᠴᠠ ᠵᠠᠶᠢᠯᠠᠬᠤ ᠦᠭᠡᠢ᠂ ᠶᠤᠰᠤ ᠵᠢᠷᠤᠮ ᠲᠡᠭᠡᠷ᠎ᠡ ᠬᠠᠷᠢᠭᠤᠴᠠᠯᠭ᠎ᠠ ᠠᠴᠠ ᠵᠠᠶᠢᠯᠠᠬᠤ ᠦᠭᠡᠢ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠬᠡᠷᠡᠭᠵᠢᠭᠦᠯᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠲᠠᠶᠢᠴᠢᠨ ᠬᠦᠴᠦᠨ ᠢᠶᠠᠨ ᠢᠮᠠᠭᠲᠠ ᠪᠠᠲᠤᠯᠠᠬᠤ ᠬᠡᠷᠡᠭᠲᠡᠢ᠃ ᠤᠬᠠᠮᠰᠠᠷ ᠠᠴᠠ ᠪᠠᠨ ᠵᠠᠷᠴᠢᠮ ᠢ ᠪᠠᠷᠢᠮᠲᠠᠯᠠᠬᠤ᠂ ᠵᠣᠷᠢᠭᠲᠠᠢ ᠪᠠᠷ ᠲᠡᠮᠡᠴᠡᠬᠦ ᠶᠢ ᠪᠡᠶᠡᠯᠡᠭᠦᠯᠵᠦ᠂ ᠡᠪ ᠬᠠᠮᠲᠤᠴᠤᠳ ᠤᠨ ᠭᠠᠵᠢᠭᠤ ᠪᠤᠷᠤᠭᠤ ᠶᠢ ᠢᠲᠡᠭᠡᠬᠦ ᠦᠭᠡᠢ᠂ ᠴᠢᠳᠬᠦᠷ ᠱᠤᠯᠤᠮ ᠠᠴᠠ ᠠᠶᠤᠬᠤ ᠦᠭᠡᠢ᠂ ᠨᠤᠮᠤᠢ ᠲᠤᠷᠤᠢ ᠪᠠᠶᠢᠳᠠᠭ ᠦᠭᠡᠢ ᠬᠠᠳᠠᠨ ᠵᠤᠷᠢᠭ᠂ ᠴᠢᠭᠡᠴᠢ ᠵᠢᠷᠤᠮ᠂ ᠰᠦᠷ ᠵᠢᠪᠬᠤᠭ᠎ᠠ ᠶᠢ ᠪᠠᠳᠠᠷᠠᠭᠤᠯᠵᠤ᠂ ︽ᠰᠠᠶᠢᠨ ᠬᠦᠮᠦᠨ︾ ᠪᠤᠯᠬᠤ ᠶᠢ ᠡᠰᠡᠷᠭᠦᠴᠡᠵᠦ᠂ ᠵᠠᠷᠴᠢᠮ ᠤᠨ ᠠᠰᠠᠭᠤᠳᠠᠯ ᠳᠡᠭᠡᠷ᠎ᠡ ᠶᠠᠭᠠᠬᠢᠭᠰᠠᠨ ᠴᠤ ᠬᠠᠰᠢ ᠶᠠᠰᠢ ᠬᠠᠨᠳᠤᠬᠤ ᠦᠭᠡᠢ᠂ ᠨᠠᠶᠢᠷ ᠲᠠᠯᠪᠢᠬᠤ ᠦᠭᠡᠢ ᠪᠠᠶᠢᠵᠤ᠂ ᠢᠮᠠᠭᠲᠠ ᠵᠠᠷᠴᠢᠮ ᠢ ᠡᠷᠬᠢᠮᠯᠡᠨ ᠨᠢᠭᠤᠷ ᠲᠠᠯ᠎ᠠ ᠬᠠᠷᠠᠬᠤ ᠦᠭᠡᠢ᠂ ᠨᠠᠮᠴᠢ ᠴᠢᠨᠠᠷ ᠢ ᠡᠷᠬᠢᠮᠯᠡᠨ ᠬᠤᠪᠢ ᠶᠢᠨ ᠨᠠᠶᠢᠷ ᠲᠠᠯᠪᠢᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠤᠬᠠᠮᠰᠠᠷ ᠠᠴᠠ ᠪᠠᠨ ᠶᠣᠰᠣ ᠲᠦᠷᠢᠮ ᠢ ᠴᠢᠩᠭ᠎ᠠ ᠰᠠᠬᠢᠬᠤ᠂ ᠬᠤᠷᠢᠭ᠎ᠠ ᠱᠤᠭᠤᠮ ᠢ ᠦᠯᠦ ᠳᠠᠪᠠᠭ᠋ᠤ ᠶᠢ ᠪᠡᠶᠡᠯᠡᠭᠦᠯᠵᠦ᠂ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠶᠢᠨ ᠶᠡᠷᠦᠩᠬᠡᠢ ᠨᠡᠭᠡᠭᠡᠯᠭᠡ ᠶᠢ ᠴᠢᠩᠳᠠᠯᠠᠵᠤ᠂ ᠰᠡᠳᠬᠢᠯ ᠳᠤ ᠪᠠᠨ ᠵᠢᠷᠦᠬᠡᠰᠢᠶᠡᠯ ᠲᠠᠢ ᠪᠠᠶᠢᠬᠤ ᠪᠠᠷ ᠦᠭᠡ ᠶᠠᠷᠢᠶ᠎ᠠ ᠶᠢᠨ ᠴᠡᠭᠡᠷᠯᠡᠯ ᠲᠠᠢ᠂ ᠦᠢᠯᠡ ᠠᠵᠢᠯᠯᠠᠭ᠎ᠠ ᠶᠢᠨ ᠬᠤᠷᠢᠭ᠎ᠠ ᠲᠠᠢ ᠪᠠᠶᠢᠬᠤ ᠶᠢ ᠠᠬᠢᠭᠤᠯᠵᠤ᠂ ᠪᠡᠶ᠎ᠡ ᠪᠠᠨ ᠴᠢᠩᠭ᠎ᠠ ᠵᠠᠰᠠᠬᠤ ᠪᠠᠷ ᠡᠷᠬᠡ ᠪᠠᠨ ᠴᠢᠩᠭ᠎ᠠ ᠬᠡᠷᠡᠭᠯᠡᠬᠦ᠂ ᠪᠡᠶ᠎ᠡ ᠪᠠᠨ ᠴᠢᠩᠭ᠎ᠠ ᠱᠠᠭᠠᠷᠳᠠᠬᠤ ᠶᠢ ᠠᠬᠢᠭᠤᠯᠵᠤ᠂ ᠨᠠᠮ ᠪᠣᠯᠤᠨ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠰᠠᠬᠢᠯᠭ᠎ᠠ ᠪᠠᠲᠤ ᠶᠣᠰᠣ ᠲᠦᠷᠢᠮ ᠢ ᠴᠠᠭ ᠢᠮᠠᠭᠲᠠ ᠴᠢᠩᠳᠠᠯᠠᠬᠤ ᠬᠡᠷᠡᠭᠲᠡᠢ᠃ ᠤᠬᠠᠮᠰᠠᠷ ᠠᠴᠠ ᠪᠠᠨ ᠰᠢᠮᠳᠡᠨ ᠰᠤᠷᠤᠯᠴᠠᠵᠤ ᠰᠢᠷᠭᠠᠭᠤ ᠪᠣᠯᠪᠠᠰᠤᠷᠠᠵᠤ᠂ ᠴᠢᠳᠠᠪᠤᠷᠢ ᠪᠠᠨ ᠨᠡᠮᠡᠭᠳᠡᠭᠦᠯᠬᠦ ᠶᠢ ᠪᠡᠶᠡᠯᠡᠭᠦᠯᠵᠦ᠂ ᠠᠵᠢᠯᠯᠠᠬᠤ ᠳᠤᠮᠳᠠ ᠪᠠᠨ ᠰᠤᠷᠤᠯᠴᠠᠬᠤ᠂ ᠰᠤᠷᠤᠯᠴᠠᠬᠤ ᠳᠤᠮᠳᠠ ᠪᠠᠨ ᠬᠢᠬᠦ᠂ ᠶᠠᠭᠤ ᠬᠢᠪᠡᠯ ᠶᠠᠭᠤ ᠶᠢ ᠰᠤᠷᠤᠯᠴᠠᠬᠤ᠂ ᠶᠠᠭᠤ ᠳᠤᠲᠠᠭᠳᠠᠪᠠᠯ ᠶᠠᠭᠤ ᠶᠢ ᠨᠥᠬᠦᠪᠥᠷᠢᠯᠡᠬᠦ ᠶᠢ ᠪᠠᠷᠢᠮᠲᠠᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠮᠡᠳᠡᠯᠭᠡ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠦᠵᠡᠯ ᠰᠠᠨᠠᠭ᠎ᠠ ᠲᠠᠨᠢᠯᠲᠠ ᠪᠠ ᠠᠵᠢᠯ ᠤᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠤ ᠵᠢᠭᠠᠵᠤ ᠭᠠᠷᠭᠠᠪᠠ᠃
      ᠬᠤᠷᠠᠯ ᠡᠴᠠ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ‌‍ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠤᠷᠤᠭᠤᠯᠤᠬᠰᠠᠨ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠦᠷᠢᠮ︾ ᠢ ᠲᠣᠭᠲᠠᠭᠠᠭᠰᠠᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰ ᠬᠤᠶᠠᠷ ᠬᠠᠤᠯᠢ ᠲᠣᠭᠲᠠᠭᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠶᠢ ᠵᠥᠪᠰᠢᠶᠡᠷᠡᠪᠡ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ