ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠬᠤᠷᠠᠯᠳᠤᠪᠠ  ᠯᠢᠨ ᠱᠣᠤ ᠴᠦᠨ ᠬᠤᠷᠠᠯ ᠳᠤ ᠣᠷᠤᠯᠴᠠᠨ ᠪᠠᠶᠠᠷ ᠤᠨ ᠦᠭᠡ ᠬᠡᠯᠡᠵᠡᠶ
ᠨᠡᠶᠢᠲᠡᠯᠡᠭᠰᠡᠨ ᠴᠠᠭ᠄
2021/9/17

      9 ᠳ᠋ᠦ᠋ᠭᠡᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠬᠥᠬᠡᠬᠤᠲᠠ ᠳᠤ ᠶᠠᠪᠤᠭᠳᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠨ ᠱᠣᠤ ᠴᠦᠨ ᠶᠡᠭᠡ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠶ᠃
      ᠯᠢᠨ ᠱᠣᠤ ᠴᠦᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢ ᠲᠥᠯᠦᠭᠡᠯᠡᠨ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠳᠤ ᠬᠠᠯᠠᠭᠤᠨ ᠪᠠᠶᠠᠷ ᠬᠦᠷᠭᠡᠵᠦ᠂ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠲᠤᠷᠰᠢ ᠳᠤ ᠣᠯᠤᠭᠰᠠᠨ ᠠᠮᠵᠢᠯᠲᠠ ᠪᠦᠲᠦᠮᠵᠢ ᠨᠦᠭᠦᠳ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠠᠶᠢᠨ᠎ᠠ᠃ ᠲᠡᠷᠡ ᠪᠠᠷ᠂ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠪᠠᠷ ᠰᠢᠨ᠎ᠡ ᠭᠠᠷᠤᠭ᠎ᠠ ᠪᠣᠯᠭᠠᠵᠤ᠂ ᠨᠠᠮ ᠤᠨ ᠤᠳᠤᠷᠢᠳᠤᠯᠭ᠎ᠠ᠂ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠬᠦ ᠴᠢᠭᠯᠡᠯ ᠪᠠ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠳᠤ ᠬᠥᠮᠦᠨ ᠬᠥᠮᠦᠵᠢᠭᠦᠯᠬᠦ᠂ ᠤᠯᠤᠰ ᠲᠤ ᠴᠢᠳᠠᠪᠤᠷᠢᠲᠠᠳ ᠬᠥᠮᠦᠵᠢᠭᠦᠯᠬᠦ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠢ ᠪᠥᠲᠥᠭᠡᠨ ᠪᠠᠶᠢᠭᠤᠯᠤᠭᠴᠢᠳ ᠪᠠ ᠵᠠᠯᠭᠠᠮᠵᠢᠯᠠᠭᠴᠢᠳ ᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠷ᠎ᠡ ᠪᠦᠲᠦᠮᠵᠢ ᠶᠢ ᠰᠤᠷᠭᠠᠭᠤᠯᠢ ᠶᠢᠨ ᠠᠯᠢᠪᠠ ᠠᠵᠢᠯ ᠢ ᠰᠢᠯᠭᠠᠬᠤ ᠦᠨᠳᠦᠰᠦᠨ ᠪᠠᠷᠢᠮᠵᠢᠶ᠎ᠠ ᠪᠣᠯᠭᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠶᠡᠭᠡ ᠳᠡᠭᠡᠳᠦ ᠰᠤᠷᠭᠠᠭᠤᠯᠢ ᠶᠢ ᠰᠠᠶᠢᠲᠤᠷ ᠡᠷᠭᠢᠯᠡᠬᠦ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠬᠥᠭᠦᠷᠭᠡᠨ ᠪᠠᠬᠢᠯᠡᠯᠲᠡ︾ ᠳᠤ ᠪᠥᠬᠦ ᠬᠦᠴᠦᠨ ᠢᠶᠠᠷ ᠢᠶᠠᠨ ᠦᠶᠯᠡᠴᠢᠯᠡᠵᠦ᠂ ᠠᠮᠢ ᠠᠬᠤᠶ ᠶᠢ ᠤᠷᠢᠳ ᠢᠶᠠᠷ ᠪᠣᠳᠤᠯᠬᠢᠯᠠᠬᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ᠃ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠰᠢᠨᠵᠢᠯᠡᠭᠡᠨ ᠤ ᠰᠠᠯᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠴᠢᠨᠠᠷ ᠨᠡᠩ ᠰᠠᠶᠢᠲᠠᠢ ᠰᠢᠨᠵᠢᠯᠡᠭᠡᠨ ᠤ ᠰᠢᠰᠲ᠋ᠧᠮ᠂ ᠵᠢᠭᠠᠨ ᠰᠤᠷᠭᠠᠯᠲᠠ ᠶᠢᠨ ᠰᠢᠰᠲ᠋ᠧᠮ᠂ ᠵᠢᠭᠠᠬᠤ ᠮᠠᠲ᠋ᠧᠷᠢᠶᠠᠯ ᠤᠨ ᠰᠢᠰᠲ᠋ᠧᠮ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠰᠲ᠋ᠧᠮ ᠪᠠ ᠵᠠᠰᠠᠯᠲᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠰᠠᠭᠤᠷᠢ ᠰᠤᠳᠤᠯᠭᠠᠨ ᠢ ᠰᠠᠶᠢᠲᠤᠷ ᠠᠳᠬᠤᠨ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ︽ᠠᠮᠢᠨ ᠰᠤᠳᠠᠰᠤ︾ ᠶᠢ ᠪᠠᠲᠤ ᠡᠵᠡᠮᠳᠡᠵᠦ᠂ ᠥᠨᠳᠥᠷ ᠲᠦᠪᠰᠢᠨ ᠲᠠᠢ ᠶᠡᠭᠡ ᠰᠤᠷᠭᠠᠭᠤᠯᠢ ᠶᠢ ᠪᠠᠶᠢᠭᠤᠯᠬᠤ ᠪᠠᠷ ᠵᠣᠷᠢᠭ ᠰᠢᠭᠤᠳᠬᠤ ᠬᠡᠷᠡᠭᠲᠡᠢ ᠭᠡᠵᠦ ᠴᠢᠬᠤᠯᠠᠴᠢᠯᠠᠵᠠᠢ᠃
      ᠯᠢᠨ ᠱᠤᠤ ᠴᠦᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠥᠷᠭᠡᠨ ᠤᠯᠠᠨ ᠪᠠᠭᠰᠢ ᠨᠠᠷ ᠢ ︽ᠮᠡᠳᠡᠯᠭᠡ ᠨᠢ ᠪᠠᠭᠰᠢ᠂ ᠠᠵᠢᠯᠯᠠᠭ᠎ᠠ ᠨᠢ ᠳᠠᠭᠤᠷᠢᠶᠠᠯ︾ ᠪᠣᠯᠬᠤ ᠶᠢ ᠴᠢᠷᠮᠠᠶᠢᠨ ᠪᠡᠶᠡᠯᠡᠭᠦᠯᠵᠦ᠂ ᠬᠢᠷᠢ ᠲᠡᠩᠴᠡᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠭᠡᠷᠡᠢ︔ ᠥᠷᠭᠡᠨ ᠣᠯᠠᠨ ᠰᠤᠷᠤᠭᠴᠢᠳ ᠢ ᠠᠯᠤᠰ ᠬᠡᠲᠦ ᠶᠢᠨ ᠬᠦᠰᠡᠯᠡᠩ ᠲᠠᠢ ᠪᠠᠶᠢᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠥᠯᠥᠭᠡ ᠬᠦᠴᠦᠯᠡᠨ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠦᠶ᠎ᠡ ᠦᠶ᠎ᠡ ᠶᠢᠨ ᠵᠠᠯᠠᠭᠤᠴᠤᠳ ᠤᠨ ᠪᠤᠤᠬᠢᠶ᠎ᠠ ᠳᠠᠮᠵᠢᠭᠤᠯᠤᠨ ᠲᠡᠮᠡᠴᠡᠬᠦ ᠳᠤᠮᠳᠠ ᠪᠡᠶᠡᠯᠡᠭᠦᠯᠦᠭᠡᠷᠡᠢ ᠭᠡᠵᠦ ᠵᠣᠷᠢᠭᠵᠢᠭᠤᠯᠪᠠ᠃
      ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ 1951 ᠣᠨ ᠳᠤ ᠪᠠᠶᠢᠭᠤᠯᠤᠭᠳᠠᠵᠠᠢ᠃ 70 ᠵᠢᠯ ᠤᠨ ᠬᠥᠭᠵᠢᠯᠲᠡ ᠪᠠᠷ ᠳᠡᠮᠵᠢᠨ ᠲᠧᠭᠨᠢᠭ ᠮᠡᠷᠭᠡᠵᠢᠯ ᠢᠶᠠᠷ ᠭᠤᠤᠯ ᠪᠣᠯᠭᠠᠭᠰᠠᠨ ᠳ᠋ᠣᠺᠲ᠋ᠣᠷ᠂ ᠮᠠᠰᠲ᠋ᠧᠷ᠂ ᠵᠢᠩᠬᠢᠨᠢ ᠠᠩᠭᠢ ᠶᠢᠨ ᠪᠦᠷᠢᠨ ᠪᠦᠲᠦᠨ ᠴᠢᠲᠠᠪᠤᠷᠢᠲᠠᠳ ᠢ ᠬᠥᠮᠦᠵᠢᠭᠦᠯᠬᠦ ᠰᠢᠰᠲ᠋ᠧᠮ ᠲᠠᠢ ᠢᠯᠡ ᠲᠣᠳᠣ ᠣᠨᠴᠠᠯᠢᠭ ᠲᠠᠢ ᠣᠯᠠᠨ ᠰᠢᠨᠵᠢᠯᠡᠭᠡᠨ ᠤ ᠰᠠᠯᠠᠭ᠎ᠠ ᠲᠠᠢ ᠶᠡᠭᠡ ᠰᠤᠷᠭᠠᠭᠤᠯᠢ ᠪᠣᠯᠵᠤ ᠪᠥᠲᠥᠭᠡᠨ ᠪᠠᠶᠢᠭᠤᠯᠤᠭᠳᠠᠯ᠎ᠠ᠃ ᠲᠤᠰ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠪᠠ ᠵᠠᠩᠭᠢᠯᠠᠭ᠎ᠠ ᠶᠢᠨ ᠮᠡᠷᠭᠡᠵᠢᠯ ᠤᠨ ᠲᠣᠭᠤᠷᠢᠨ ᠳᠤ ᠥᠪᠥᠷ ᠮᠣᠩᠭᠤᠯ ᠤᠨ ᠡᠬᠢ ᠪᠠᠶᠠᠯᠢᠭ᠂ ᠠᠵᠤ ᠦᠶᠯᠡᠰ ᠤᠨ ᠳᠠᠪᠠᠭᠤᠯᠢᠭ ᠤᠳ ᠢ ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠤᠨ ᠳᠠᠪᠠᠭᠤᠯᠢᠭ ᠪᠠ ᠴᠢᠳᠠᠪᠤᠷᠢᠲᠠᠨ ᠬᠥᠮᠦᠵᠢᠭᠦᠯᠬᠦ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠰᠠᠨᠠᠭᠠᠴᠢᠯᠠᠭ᠎ᠠ ᠠᠴᠠ ᠪᠠᠨ ᠬᠦᠴᠦᠯᠡᠨ᠂ ᠨᠢᠭᠡᠨᠲᠡ ᠤᠯᠤᠰ ᠪᠠ ᠥᠪᠡᠷᠲᠡᠭᠡᠨ ᠵᠠᠰᠠᠬᠤ ᠣᠷᠣᠨ ᠳᠤ ᠨᠡᠶᠢᠲᠡ 18 ᠲᠦᠮᠡ ᠭᠠᠷᠤᠶ ᠴᠢᠳᠠᠪᠤᠷᠢᠲᠠᠳ ᠢ ᠬᠥᠮᠦᠵᠢᠭᠦᠯᠵᠦ ᠥᠭᠴᠡᠶ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ