9 ᠰᠠᠷ᠎ᠠ ᠶᠢᠨ 15 ᠤ ᠤᠷᠤᠢ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠮᠤᠵᠢ ᠶᠢᠨ ᠰᠢ ᠠᠨ ᠬᠤᠳᠠ ᠳᠤ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠷᠪᠠᠨ ᠳᠦᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠤᠰᠤᠯᠠᠯ ᠳᠤ ᠤᠷᠤᠯᠴᠠᠵᠤ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃
ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᠤᠤᠢ ᠰᠡᠬᠦᠳᠡᠷᠯᠡᠪᠡ
9 ᠰᠠᠷ᠎ᠠ ᠶᠢᠨ 15 ᠤ ᠡᠳᠦᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠮᠤᠵᠢ ᠶᠢᠨ ᠰᠢ ᠠᠨ ᠬᠤᠳᠠ ᠳᠤ ᠪᠥᠬᠦ ᠤᠯᠤᠰ ᠤᠨ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ᠂ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠪᠣᠯᠤᠨ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠲᠡᠷᠢᠭᠦᠨ ᠤ ᠬᠠᠮᠲᠤ᠂ ᠲᠡᠷᠢᠭᠦᠨ ᠤ ᠠᠵᠢᠯᠲᠠᠨ ᠤ ᠲᠥᠯᠥᠭᠡᠯᠡᠭᠴᠢ᠂ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠲᠠᠮᠢᠷᠴᠢᠨ ᠪᠣᠯᠤᠨ ᠳᠠᠰᠬᠠᠯᠵᠢᠭᠤᠯᠤᠭᠴᠢ ᠶᠢᠨ ᠲᠥᠯᠥᠭᠡᠯᠡᠭᠴᠢ ᠲᠠᠢ ᠳᠣᠲᠣᠨᠣ ᠪᠠᠷ ᠠᠭᠤᠯᠵᠠᠭᠰᠠᠨ ᠪᠥᠭᠡᠳ ᠣᠯᠠᠨ ᠲᠠᠢ ᠬᠠᠮᠲᠤ ᠶᠢᠨ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃
ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ
ᠰᠢᠨᠬᠤᠸᠠ ᠬᠤᠷᠢᠶᠠᠨ ᠤ ᠰᠢ ᠠᠨ ᠤ 9 ᠰᠠᠷ᠎ᠠ ᠶᠢᠨ 15 ᠤ ᠴᠠᠬᠢᠯᠭᠠᠨ ᠮᠡᠳᠡᠭᠡ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ 15 ᠤ ᠣᠷᠣᠶ ᠱᠠᠨᠰᠢ ᠮᠤᠵᠢ ᠶᠢᠨ ᠰᠢ ᠠᠨ ᠬᠤᠳᠠ ᠳᠤ ᠦᠪᠡᠳᠡᠭᠰᠢ ᠶᠡᠭᠡ ᠪᠠᠷ ᠡᠬᠢᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃
15 ᠤ ᠣᠷᠣᠶ ᠰᠢ ᠠᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠥᠩᠭᠡᠲᠦ ᠳ᠋ᠧᠩ ᠳᠤᠸᠠᠯᠠᠵᠤ᠂ ᠬᠥᠭᠵᠢᠶᠡᠨ ᠨᠡᠷᠬᠢᠶᠡᠨ ᠢᠶᠠᠷ ᠪᠢᠯᠬᠠᠨ᠎ᠠ᠃
19 ᠴᠠᠭ 58 ᠮᠢᠨᠦ᠋ᠲ ᠲᠤ᠂ ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠵᠦ᠂ ᠦᠵᠡᠭᠴᠢᠳ ᠤᠨ ᠵᠦᠭ ᠭᠠᠷ ᠳᠠᠯᠠᠯᠤᠨ ᠮᠡᠨᠳᠦᠴᠢᠯᠡᠪᠡ᠃ ᠲᠠᠯᠠᠪᠠᠢ ᠳᠠᠶᠠᠭᠠᠷ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃
20 ᠴᠠᠭ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠵᠢᠩᠬᠢᠨᠢ ᠪᠠᠷ ᠡᠬᠢᠯᠡᠪᠡ᠃ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠰᠦᠷ ᠵᠢᠪᠬᠤᠭᠠᠲᠤ ᠠᠶᠠᠰ ᠤᠨ ᠳᠤᠮᠳᠠ᠂ ᠶᠣᠰᠣᠯᠠᠯ ᠤᠨ ᠠᠩᠬᠢ ᠶᠢᠨ ᠭᠡᠰᠢᠭᠦᠳ ᠲᠠᠪᠤᠨ ᠣᠳᠣᠲᠤ ᠤᠯᠠᠭᠠᠨ ᠲᠤᠭ ᠢ ᠬᠦᠷᠢᠶᠡᠯᠡᠨ ᠢᠳᠡᠷᠡᠭᠦᠨ ᠠᠯᠬᠤᠭ᠎ᠠ ᠪᠠᠷ ᠲᠠᠮᠢᠷ ᠤᠨ ᠲᠠᠯᠠᠪᠠᠢ ᠳᠤ ᠠᠯᠬᠤᠨ ᠣᠷᠣᠪᠠ᠃ ᠲᠤᠬᠠᠢ ᠶᠢᠨ ᠲᠠᠯᠠᠪᠠᠢ ᠳᠤ ︽ᠲᠠᠮᠢᠷᠴᠢᠳ ᠤᠨ ᠤᠷᠤᠭᠰᠢᠯᠠᠯᠲᠠ ᠶᠢᠨ ᠲᠠᠭᠤᠤ︾ ᠶᠢ ᠢᠳᠡ ᠬᠦᠴᠦᠲᠡᠢ ᠬᠥᠭᠵᠢᠮᠳᠡᠵᠦ᠂ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ ᠪᠣᠯᠤᠨ 60 ᠲᠤᠭᠴᠢ ᠪᠠᠷ ᠪᠦᠷᠢᠯᠳᠦᠭᠰᠡᠨ ᠴᠤᠭᠯᠠᠭᠠᠨ ᠤ ᠲᠤᠭ ᠤᠨ ᠵᠢᠭᠰᠠᠭᠠᠯ᠂ ᠬᠢᠨᠠᠭᠴᠢ ᠶᠢᠨ ᠲᠥᠯᠥᠭᠡᠯᠡᠭᠴᠢᠳ ᠤᠨ ᠵᠢᠭᠰᠠᠭᠠᠯ ᠲᠡᠷᠢᠭᠦᠯᠡᠭᠴᠢ ᠶᠢᠨ ᠲᠠᠶᠢᠰᠨ ᠵᠦᠭ ᠠᠯᠬᠤᠯᠠᠪᠠ᠃ ᠶᠠᠭ ᠲᠡᠳᠡᠨ ᠤ ᠬᠤᠶᠢᠨ᠎ᠠ ᠨᠢ ᠶᠠᠪᠤᠭ᠎ᠠ ᠨᠢ 37 ᠲᠥᠯᠥᠭᠡᠯᠡᠭᠴᠢᠳ ᠤᠨ ᠪᠦᠯᠬᠦᠮ ᠤᠨ ᠴᠤᠭ ᠵᠢᠪᠬᠤᠭ᠎ᠠ ᠪᠠᠳᠠᠷᠠᠩᠭᠤᠶ ᠲᠠᠮᠢᠷᠴᠢᠳ ᠤᠨ ᠲᠥᠯᠥᠭᠡᠯᠡᠭᠴᠢ ᠪᠣᠯᠤᠨ᠎ᠠ᠂ ᠲᠠᠳᠠ ᠪᠣᠯ ᠲᠣᠰ ᠲᠣᠰ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠨᠴᠠᠭᠠᠶ ᠣᠷᠣᠨ᠂ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ᠂ ᠰᠢᠨᠵᠢᠶᠠᠩ ᠤᠨ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ 3 ᠠᠵᠢᠯ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠢᠷᠡᠭᠰᠡᠨ ᠶᠤᠮ᠃ ᠲᠠᠯᠠᠪᠠᠢ ᠳᠠᠶᠠᠭᠠᠷ ᠢᠶᠠᠨ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠪᠣᠯᠤᠨ ᠤᠤᠬᠠᠵᠢᠯᠠᠬᠤ ᠲᠠᠭᠤᠨ ᠢᠶᠠᠷ ᠲᠠᠮᠢᠷᠴᠢᠳ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠠᠭᠠᠪᠠ᠃
ᠲᠠᠯᠠᠪᠠᠢ ᠳᠤ ᠣᠷᠣᠬᠤ ᠶᠣᠰᠣᠯᠠᠯ ᠳᠠᠭᠤᠰᠬᠤ ᠳᠤ᠂ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠰᠠᠯᠬᠢᠨ ᠤ ᠠᠶ᠎ᠠ ᠪᠠᠷ ᠨᠠᠮᠢᠷᠠᠨ᠎ᠠ᠃
ᠱᠠᠨᠰᠢ ᠮᠤᠵᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠪᠠᠶᠠᠷ ᠤᠨ ᠦᠭᠡ ᠬᠡᠯᠡᠪᠡ᠃
20 ᠴᠠᠭ 40 ᠮᠢᠨᠦ᠋ᠲ ᠲᠤ᠂ ᠰᠢ ᠶᠢᠨ ᠫᠢᠩ ᠬᠦᠩᠬᠢᠨᠠᠮᠠ ᠲᠠᠭᠤᠨ ᠢᠶᠠᠷ᠄ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ ᠡᠬᠢᠯᠡᠯ᠎ᠡ︕︾ ᠭᠡᠵᠦ ᠵᠠᠷᠯᠠᠭᠰᠠᠨ ᠳᠤ᠂ ᠲᠠᠯᠠᠪᠠᠢ ᠳᠠᠶᠠᠭᠠᠷ ᠲᠤ ᠠᠯᠠᠭ᠎ᠠ ᠲᠠᠰᠢᠯᠳᠠ ᠶᠢᠨ ᠲᠠᠭᠤᠨ᠂ ᠬᠦᠬᠡᠷᠦᠯᠳᠦᠨ ᠪᠠᠶᠠᠷᠯᠠᠯᠳᠤᠬᠤ ᠲᠠᠭᠤᠨ ᠤᠳᠠᠳᠠᠯ᠎ᠠ ᠦᠷᠬᠦᠯᠵᠢᠯᠡᠪᠡ᠃
ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠰᠦᠯᠳᠡ ᠳᠠᠭᠤᠤ ᠶᠢᠨ ᠠᠶᠠᠰ ᠤᠨ ᠳᠤᠮᠳᠠ᠂ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ ᠪᠣᠯᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ ᠠᠯᠭᠤᠷᠬᠠᠨ ᠮᠠᠨᠳᠤᠪᠠ᠃
ᠲᠠᠮᠢᠷᠴᠢᠨ ᠶᠠᠩ ᠱᠦᠨ ᠬᠤᠩ᠂ ᠲᠠᠰᠬᠠᠯᠵᠢᠭᠤᠯᠤᠬᠴᠢ ᠴᠧᠨ ᠷᠦᠩ ᠰᠢᠤᠸᠠᠢ᠂ ᠬᠢᠨᠠᠭᠴᠢ ᠵᠥᠩ ᠬᠠᠩ ᠸᠧᠶ ᠲᠣᠰ ᠲᠣᠰ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠲᠠᠮᠢᠷᠴᠢᠨ᠂ ᠲᠠᠰᠬᠠᠯᠵᠢᠭᠤᠯᠤᠬᠴᠢ᠂ ᠬᠢᠨᠠᠭᠴᠢ ᠶᠢ ᠲᠥᠯᠥᠭᠡᠯᠡᠨ ᠲᠠᠩᠭᠠᠷᠢᠬᠯᠠᠪᠠ᠃
ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠰᠦᠯᠳᠡ ᠳᠠᠭᠤᠤ ︽ᠢᠷᠡᠭᠡᠳᠦᠢ ᠶᠢ ᠴᠢᠭᠯᠡᠨ ᠮᠣᠷᠳᠠᠶ᠎ᠠ︾ ᠨᠢ ᠰᠣᠶᠣᠯ ᠪᠡᠶ᠎ᠡ ᠶᠢᠨ ᠲᠠᠮᠢᠷ ᠤᠨ ︽ᠰᠢᠨ᠎ᠡ ᠴᠠᠭ ᠦᠶ᠎ᠡ ᠳᠤ ᠡᠷᠡᠮᠡᠬᠡᠶᠢᠯᠡᠨ ᠲᠡᠮᠡᠴᠡᠵᠦ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ ᠬᠡᠬᠦ ᠦᠵᠡᠬᠦᠯᠬᠡ ᠶᠢᠨ ᠲᠣᠭᠯᠠᠯᠲᠠ ᠶᠢᠨ ᠬᠥᠰᠢᠭᠡ ᠶᠢ ᠢᠷᠠᠵᠤ᠂ ᠪᠦᠬᠦ᠋ᠢᠯᠡ ᠲᠣᠭᠯᠠᠯᠲᠠ ᠨᠢ ᠣᠷᠣᠰᠢᠯ ᠤᠶᠠᠩᠭ᠎ᠠ ︽ᠤᠭᠲᠤᠯᠭ᠎ᠠ ᠶᠢᠨ ᠬᠡᠩᠬᠡᠷᠬᠡ ᠶᠢᠨ ᠵᠢᠭᠰᠠᠭᠠᠯ︾ ᠪᠣᠯᠤᠨ ︽ᠦᠨᠳᠦᠰᠦᠲᠡᠨ ᠤ ᠭᠤᠯᠤᠮᠳᠠ︾᠂ ︽ᠶᠠᠨ ᠠᠨ ᠤ ᠰᠦᠭ ᠰᠦᠨᠡᠰᠦ︾᠂ ︽ᠳᠤᠮᠳᠠᠳᠤ ᠶᠢᠨ ᠵᠡᠭᠦᠳᠦ︾ ᠬᠡᠬᠦ ᠭᠤᠷᠪᠠᠨ ᠪᠦᠯᠦᠭ ᠢᠶᠠᠷ ᠪᠦᠷᠢᠯᠳᠦᠵᠦ᠂ ᠤᠯᠠᠨ ᠵᠠᠭᠤᠴᠢᠳᠤ ᠮᠡᠷᠭᠡᠵᠢᠯ ᠪᠣᠯᠤᠨ ᠳᠠᠭᠤᠨ ᠭᠡᠷᠡᠯ ᠴᠠᠬᠢᠯᠭᠠᠨ ᠤ ᠠᠷᠭ᠎ᠠ ᠪᠠᠷᠢᠯ ᠢᠶᠠᠷ ᠲᠤᠰ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ︽ᠪᠦᠬᠦ ᠠᠷᠠᠳ ᠤᠨ ᠪᠦᠬᠦ ᠤᠯᠤᠰ ᠤᠨ ᠲᠠᠮᠢᠷ ᠤᠨ ᠴᠤᠭᠯᠠᠭᠠᠨ᠂ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠶ᠎ᠠ︾ ᠭᠡᠬᠦ ᠭᠤᠣᠯ ᠰᠡᠳᠦᠪ ᠢ ᠠᠮᠢᠳᠤᠯᠢᠭ ᠢᠶᠠᠷ ᠲᠠᠶᠢᠯᠪᠤᠷᠢᠯᠠᠵᠠᠢ᠃
ᠬᠦᠮᠦᠰ ᠤᠨ ᠰᠡᠳᠬᠢᠯ ᠢ ᠳᠣᠭᠳᠣᠯᠤᠭᠤᠯᠤᠬᠰᠠᠨ ᠲᠠᠯᠠᠪᠡᠢ ᠶᠢᠨ ᠲᠤᠳᠤᠷᠠᠬᠢ ᠭᠠᠯ ᠪᠠᠮᠪᠠᠷ ᠳᠠᠮᠵᠢᠭᠤᠯᠬᠤ ᠪᠠ ᠭᠤᠤᠯ ᠭᠠᠯ ᠪᠠᠮᠪᠠᠷ ᠢ ᠠᠰᠠᠭᠠᠬᠤ ᠶᠣᠰᠣᠯᠠᠯ ᠡᠬᠢᠯᠡᠪᠡ᠃ 8 ᠰᠠᠷ᠎ᠠ ᠶᠢᠨ 16 ᠤ ᠡᠳᠦᠷ ᠠᠴᠠ ᠡᠬᠢᠯᠡᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠢ ᠱᠠᠨᠰᠢ ᠮᠤᠵᠢ ᠶᠢᠨ ᠲᠤᠳᠤᠷ᠎ᠠ ᠵᠠᠯᠭᠠᠭ᠎ᠠ ᠪᠠᠷ ᠳᠠᠮᠵᠢᠭᠤᠯᠵᠤ᠂ ᠬᠠᠮᠤᠭ ᠤᠨ ᠡᠴᠦᠰ ᠲᠤ ᠰᠢ ᠠᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠳᠠᠮᠵᠢᠭᠤᠯᠪᠠ᠃ ᠲᠦᠮᠡᠨ ᠤᠯᠠᠨ ᠢᠶᠠᠷ ᠢᠶᠠᠨ᠂ ᠰᠤ᠋ ᠪᠢᠩ ᠲᠢᠶᠠᠨ᠂ ᠵᠠᠩ ᠢᠦᠶ ᠹᠸᠢ᠂ ᠴᠢᠨ ᠺᠠᠶ᠂ ᠭᠦᠸᠧ ᠸᠧᠨ ᠵᠢᠶᠦ᠋ᠨ᠂ ᠮᠠ ᠯᠦᠩ ᠵᠡᠷᠭᠡ 5 ᠭᠠᠯ ᠪᠠᠮᠪᠠᠷᠴᠢᠨ ᠪᠤᠤᠬᠢᠶ᠎ᠠ ᠳᠠᠮᠵᠢᠭᠤᠯᠤᠨ᠂ ᠬᠠᠮᠤᠭ ᠤᠨ ᠰᠡᠬᠦᠯ ᠳᠤᠨᠢ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠠᠩᠬᠠᠳᠠᠭᠴᠢ ᠠᠯᠲᠠᠨ ᠮᠧᠳᠠᠯ ᠢ ᠬᠦᠷᠲᠡᠭᠰᠡᠨ ᠶᠠᠩ ᠴᠢᠶᠠᠨ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠭᠤᠣᠯ ᠭᠠᠯ ᠪᠠᠮᠪᠠᠷ ᠢ ᠠᠰᠠᠭᠠᠬᠰᠠᠨ ᠢ ᠬᠠᠷᠠᠵᠠᠭᠠᠯ᠎ᠠ᠃
21 ᠴᠠᠭ 35 ᠮᠢᠨᠦ᠋ᠲ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ
︽ᠳᠠᠪᠠᠯᠲᠠ︾ ᠬᠡᠬᠦ ᠭᠤᠣᠯ ᠰᠡᠳᠦᠪᠲᠦ ᠳᠠᠭᠤᠤ ᠶᠢᠨ ᠬᠦᠭᠵᠢᠶᠡᠨᠲᠦ ᠠᠭᠤᠷ ᠠᠮᠢᠰᠬᠤᠯ ᠳᠤᠮᠳᠠ ᠲᠡᠭᠦᠰ ᠠᠮᠵᠢᠯᠲᠠ ᠲᠠᠢ ᠥᠨᠳᠥᠷᠯᠡᠪᠡ᠃
15 ᠤ ᠦᠳᠡ ᠶᠢᠨ ᠬᠤᠶᠢᠨ᠎ᠠ᠂ ᠰᠢ ᠶᠢᠨ ᠫᠢᠩ ᠱᠠᠨᠰᠢ ᠶᠢᠨ ᠶᠡᠭᠡ ᠬᠤᠷᠠᠯ ᠤᠨ ᠲᠠᠩᠬᠢᠮ ᠳᠤ ᠪᠥᠬᠦ ᠤᠯᠤᠰ ᠤᠨ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ᠂ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠪᠣᠯᠤᠨ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠲᠡᠷᠢᠭᠦᠨ ᠤ ᠬᠠᠮᠲᠤ᠂ ᠲᠡᠷᠢᠭᠦᠨ ᠤ ᠠᠵᠢᠯᠲᠠᠨ ᠤ ᠲᠥᠯᠥᠭᠡᠯᠡᠭᠴᠢ᠂ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠲᠠᠮᠢᠷᠴᠢᠨ ᠪᠣᠯᠤᠨ ᠳᠠᠰᠬᠠᠯᠵᠢᠭᠤᠯᠤᠭᠴᠢ ᠶᠢᠨ ᠲᠥᠯᠥᠭᠡᠯᠡᠭᠴᠢ ᠲᠠᠢ ᠳᠣᠲᠣᠨᠣ ᠪᠠᠷ ᠠᠭᠤᠯᠵᠠᠭᠰᠠᠨ ᠪᠥᠭᠡᠳ ᠣᠯᠠᠨ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ ᠰᠢ ᠶᠢᠨ ᠫᠢᠩ ᠤᠯᠠᠨ ᠲᠠᠢ ᠳᠣᠲᠣᠨᠣ ᠪᠠᠷ ᠶᠠᠷᠢᠯᠴᠠᠵᠤ᠂ ᠳᠡᠳᠡᠨ ᠢ ᠡᠷᠡᠮᠡᠬᠡᠶᠢᠯᠡᠨ ᠲᠡᠮᠡᠴᠡᠵᠦ᠂ ᠳᠠᠬᠢᠨᠲᠠ ᠰᠢᠯᠢᠳᠡᠭ ᠠᠮᠵᠢᠯᠲᠠ ᠪᠦᠲᠦᠭᠡᠯ ᠭᠠᠷᠭᠠᠭᠠᠷᠠᠢ ᠭᠡᠵᠦ ᠵᠣᠷᠢᠭᠵᠢᠭᠤᠯᠪᠠ᠃
ᠳ᠋ᠢᠩ ᠰᠢᠤᠸᠠᠢ ᠰᠢᠶᠠᠩ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠴᠧᠨ ᠰᠢ᠂ ᠼᠠᠢ ᠳ᠋ᠠ ᠹᠧᠩ᠂ ᠯᠦ ᠵᠠᠨ ᠭᠦᠩ᠂ ᠾᠧ ᠯᠢ ᠹᠧᠩ ᠨᠠᠷ ᠳᠡᠭᠡᠷᠡᠬᠢ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃
ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ 9 ᠰᠠᠷ᠎ᠠ ᠶᠢᠨ 27 ᠤ ᠡᠳᠦᠷ ᠥᠨᠳᠥᠷᠯᠡᠵᠦ᠂ ᠨᠡᠶᠢᠲᠡ 1.2 ᠲᠦᠮᠡ ᠭᠠᠷᠤᠶ ᠲᠠᠮᠢᠷᠴᠢᠨ ᠦᠷᠢᠰᠦᠯᠳᠦᠬᠡᠨᠳᠤ ᠤᠷᠤᠯᠳᠤᠭᠠᠨ ᠤ ᠲᠥᠷᠥᠯ ᠵᠦᠶᠯ ᠳᠤ ᠣᠷᠣᠯᠴᠠᠵᠤ᠂ 1 ᠲᠦᠮᠡ ᠭᠠᠷᠤᠶ ᠣᠯᠠᠨ ᠲᠦᠮᠡᠨ ᠲᠠᠮᠢᠷᠴᠢᠨ ᠣᠯᠠᠨ ᠲᠦᠮᠡᠨᠴᠢ ᠤᠷᠤᠯᠳᠤᠭᠠᠨ ᠤ ᠠᠵᠢᠯᠯᠠᠭ᠎ᠠ ᠳᠤ ᠣᠷᠣᠯᠴᠠᠬᠤ ᠪᠣᠯᠤᠨ᠎ᠠ᠃