ᠮᠠᠨᠵᠤᠤᠷ ᠬᠤᠲᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/17
     9 ᠳ᠋ᠦ᠋ᠭᠡᠷ ᠰᠠᠷ᠎ᠠ ᠶᠢᠨ 14 ᠤ ᠡᠳᠦᠷ᠂ ᠮᠠᠨᠵᠤᠤᠷ ᠬᠤᠲᠠ ᠶᠢᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠬᠠᠭᠤᠯᠬᠤ ᠬᠡᠯᠲᠡᠰ ᠤᠨ ᠳᠠᠷᠤᠭ᠎ᠠ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠦ ᠴᠢᠨ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠴᠢ ᠱᠠᠨ ᠵᠢᠶᠠᠨ᠂ ᠰᠦᠶ ᠵᠢᠶᠠᠨ ᠫᠢᠩ᠂ ᠵᠢᠶᠤᠤ ᠵᠢᠶᠧ᠂ ᠸᠠᠩ ᠲᠤᠤ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃      ᠬᠤᠷᠠᠯ ᠠᠴᠠ ᠮᠠᠨᠵᠤᠤᠷ ᠬᠤᠲᠠ ᠶᠢᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠵᠠᠶ᠃      ᠱᠦ ᠴᠢᠨ ᠵᠢᠭᠠᠭᠰᠠᠨ ᠨᠢ᠂ ᠨᠤᠲᠤᠭ ᠪᠡᠯᠴᠢᠭᠡᠷ ᠤᠢ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠮᠦᠨ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠣᠯ ᠮᠠᠨ ᠤ ᠣᠷᠣᠨ ᠤ ᠡᠭᠦᠷᠭᠡᠯᠡᠵᠦ ᠪᠠᠶᠢᠭ᠎ᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠ ᠴᠢᠬᠤᠯᠠ ᠲᠡᠦᠬᠡᠲᠦ ᠡᠭᠦᠷᠭᠡ ᠪᠣᠯᠤᠨ᠎ᠠ᠃ ᠡᠯ᠎ᠡ ᠲᠤᠰᠬᠠᠶ ᠠᠵᠢᠯ ᠤᠨ ᠳᠤᠭᠤᠶᠢᠯᠠᠩ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ᠂ ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠬᠤ ᠬᠡᠷᠡᠭᠲᠡᠶ ᠭᠡᠪᠡ᠃      ᠱᠦ ᠴᠢᠨ ᠴᠢᠬᠤᠯᠠᠴᠢᠯᠠᠭᠰᠠᠨ ᠨᠢ᠂ ᠡᠯ᠎ᠡ ᠲᠤᠰᠬᠠᠢ ᠠᠵᠢᠯ ᠤᠨ ᠳᠤᠭᠤᠶᠢᠯᠠᠩ ᠤᠳ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠤᠨ ᠴᠢᠩᠭᠠᠳᠬᠠᠵᠤ᠂ ᠠᠵᠢᠯ ᠤᠨ ᠡᠷᠴᠢᠯᠡᠭᠦᠷ ᠢ ᠴᠢᠩᠭᠠᠯᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠶᠢ ᠴᠢᠩᠭ᠎ᠠ ᠣᠨᠢᠯᠠᠵᠤ᠂ ᠴᠠᠭ ᠬᠤᠭᠤᠴᠠᠭ᠎ᠠ ᠶᠢ ᠡᠵᠡᠮᠳᠡᠨ᠂ ᠲᠤᠰ ᠲᠤᠰ ᠤᠨ ᠡᠭᠦᠷᠭᠡ ᠴᠢᠳᠠᠪᠬᠢ ᠪᠠᠨ ᠰᠠᠶᠢᠲᠤᠷ ᠭᠦᠢᠴᠡᠳᠬᠡᠵᠦ᠂ ᠠᠵᠢᠯ ᠤᠨ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠵᠤ᠂ ᠠᠵᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠢ︔ ᠦᠨᠡᠨ ᠠᠴᠠ ᠵᠥᠪ ᠢ ᠡᠷᠢᠬᠦ᠂ ᠬᠠᠤᠯᠢ ᠲᠣᠭᠲᠠᠭᠠᠯ ᠢ ᠵᠢᠷᠤᠮᠯᠠᠬᠤ ᠵᠠᠷᠴᠢᠮ ᠢ ᠪᠠᠷᠢᠮᠲᠠᠯᠠᠨ᠂ ᠪᠣᠳᠠᠲᠤ ᠬᠡᠷᠡᠭ ᠤᠨ ᠪᠣᠭᠤᠮᠲᠠ᠂ ᠬᠠᠤᠯᠢ ᠴᠠᠭᠠᠵᠠ ᠶᠢᠨ ᠪᠣᠭᠤᠮᠲᠠ᠂ ᠲᠦᠷᠦ ᠶᠢᠨ ᠪᠤᠳᠤᠯᠭ᠎ᠠ ᠶᠢᠨ ᠪᠣᠭᠤᠮᠲᠠ᠂ ᠵᠢᠷᠤᠮ ᠳᠠᠷᠠᠭᠠᠯᠠᠯ ᠤᠨ ᠪᠣᠭᠤᠮᠲᠠ ᠶᠢ ᠴᠢᠩᠭ᠎ᠠ ᠠᠳᠬᠤᠵᠤ᠂ ᠠᠵᠢᠯ ᠤᠨ ᠪᠠᠷᠢᠮᠵᠢᠶ᠎ᠠ ᠪᠠ ᠬᠥᠭ ᠠᠶᠠᠰ ᠢ ᠰᠠᠶᠢᠲᠤᠷ ᠡᠵᠡᠮᠳᠡᠵᠦ᠂ ᠪᠣᠳᠠᠲᠠᠶ ᠠᠰᠠᠭᠤᠳᠠᠯ ᠢ ᠪᠣᠳᠠᠲᠠᠶ ᠪᠠᠷ ᠵᠠᠳᠠᠯᠤᠨ᠂ ᠪᠣᠳᠠᠲᠠᠶ ᠪᠠᠷ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ︔ ᠪᠠᠶᠢᠭᠠᠯᠢ ᠶᠢᠨ ᠠᠮᠢ ᠠᠬᠤᠢ ᠪᠣᠯᠤᠨ ᠤᠯᠤᠰ ᠲᠦᠷᠦ ᠶᠢᠨ ᠠᠮᠢ ᠠᠬᠤᠢ ︽ᠬᠤᠶᠠᠷ ᠲᠠᠯ᠎ᠠ ᠪᠠᠷ ᠠᠳᠬᠤᠬᠤ︾ ᠶᠢ ᠪᠠᠷᠢᠮᠲᠠᠯᠠᠵᠤ᠂ ᠨᠢᠭᠡ ᠲᠠᠯ᠎ᠠ ᠪᠠᠷ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠳᠬᠡᠵᠦ᠂ ᠨᠦᠭᠦᠭᠡ ᠲᠠᠯ᠎ᠠ ᠪᠠᠷ ᠠᠷᠤ ᠳᠠᠬᠢ ᠬᠦᠨᠳᠦ ᠨᠣᠴᠢᠲᠠᠢ ᠬᠠᠷᠢᠭᠤᠴᠠᠯᠭ᠎ᠠ ᠠᠯᠳᠠᠭᠰᠠᠨ ᠵᠢᠴᠢ ᠢᠯᠵᠢᠷᠡᠯ ᠤᠨ ᠠᠰᠠᠭᠤᠳᠠᠯ ᠢ ᠭᠦᠨ ᠠᠭᠤᠳᠠᠯᠬᠤ ᠬᠡᠷᠡᠭᠲᠡᠢ ᠭᠡᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ