|
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠢᠯᠡᠷᠬᠡᠶᠢᠯᠡᠯ ᠡᠯᠭᠦᠬᠦ ᠳᠤ ᠱᠠᠩᠨᠠᠯ | ᠨᠥᠬᠦᠪᠦᠷᠢ ᠣᠯᠭᠤᠬᠤ ᠵᠣᠷᠢᠭᠵᠢᠭᠤᠯᠤᠯᠭᠠ ᠶᠢᠨ ᠠᠷᠭ᠎ᠠ︾ ᠶᠢᠨ ᠲᠠᠶᠢᠯᠤᠮᠵᠢ |
|
|
ᠨᠡᠶᠢᠲᠡᠯᠡᠭᠰᠡᠨ ᠴᠠᠭ᠄
2021/9/18
|
|
ᠠᠵᠤ ᠠᠬᠤᠶᠢᠯᠠᠯ ᠤᠳ ᠤᠨ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠭᠯᠠᠨ ᠬᠥᠭᠵᠢᠨ ᠪᠤᠵᠠᠭᠠᠶᠢᠷᠬᠠᠤ ᠶᠢ ᠤᠯᠠᠮ ᠨᠢᠭᠡ ᠠᠯᠬᠤᠮ ᠠᠬᠢᠭᠤᠯᠵᠤ ᠨᠠᠩ ᠣᠯᠠᠨ ᠠᠵᠤ ᠠᠬᠤᠶᠢᠯᠠᠯ ᠤᠳ ᠤᠨ ᠵᠠᠬ᠎ᠠ ᠳᠡᠯᠭᠡᠭᠦᠷ ᠲᠤ ᠭᠠᠷᠴᠤ ᠢᠯᠡᠷᠬᠡᠶᠢᠯᠡᠯ ᠡᠯᠭᠦᠬᠦ ᠶᠢ ᠳᠡᠮᠵᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠ ᠣᠯᠠᠨ ᠤᠳᠠᠭ᠎ᠠ ᠶᠢᠨ ᠰᠠᠨᠠᠯ ᠬᠤᠷᠢᠶᠠᠬᠤ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠢᠯᠡᠷᠬᠡᠶᠢᠯᠡᠯ ᠡᠯᠭᠦᠬᠦ ᠳᠤ ᠱᠠᠩᠨᠠᠯ ᠨᠥᠬᠦᠪᠦᠷᠢ ᠣᠯᠭᠤᠬᠤ ᠵᠣᠷᠢᠭᠵᠢᠭᠤᠯᠤᠯᠭᠠ ᠶᠢᠨ ᠠᠷᠭ᠎ᠠ︾ ᠶᠢ ᠲᠤᠭᠤᠷᠪᠢᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠦᠨ ᠲᠠᠷᠤᠮᠠᠯᠯᠠᠨ ᠲᠠᠷᠬᠠᠭᠠᠪᠠ᠂ ᠡᠳᠦᠭᠡ ᠳᠣᠤᠷᠠᠬᠢ ᠮᠡᠲᠦ ᠲᠠᠶᠢᠯᠤᠮᠵᠢ
ᠬᠢᠶ᠎ᠡ᠃ ᠨᠢᠭᠡ᠂ ᠲᠤᠭᠤᠷᠪᠢᠭᠰᠠᠨ ᠠᠬᠤᠢ ᠪᠠᠶᠢᠳᠠᠯ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠪᠣᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠠᠴᠢᠶᠠᠯᠠᠪᠤᠷᠢ ᠮᠥᠨ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠲᠤᠭ᠎ᠠ ᠪᠠ ᠶᠠᠰᠤ ᠴᠢᠨᠠᠷ ᠨᠢ ᠨᠢᠭᠡ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠵᠢᠴᠢ ᠬᠥᠭᠵᠢᠯᠲᠡ ᠶᠢᠨ ᠳᠠᠯᠳᠠ ᠬᠦᠴᠦᠨ ᠢ ᠬᠡᠮᠵᠢᠬᠦ ᠴᠢᠬᠤᠯᠠ ᠪᠠᠷᠢᠮᠵᠢᠶ᠎ᠠ ᠶᠢᠨ ᠨᠢᠭᠡᠨ ᠪᠣᠯᠬᠤ ᠪᠥᠭᠡᠳ ᠨᠢᠭᠡ ᠭᠠᠵᠠᠷ ᠣᠷᠣᠨ ᠤ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠥᠯᠥᠭᠡᠯᠡᠵᠦ ᠪᠠᠶᠢᠳᠠᠭ᠃ ᠡᠨᠡ ᠵᠢᠯ ᠠᠴᠠ ᠨᠠᠭᠠᠰᠢ᠂ ᠮᠠᠨ ᠤ ᠣᠷᠣᠨ ᠨᠢᠭᠡᠨᠲᠡ 2 ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠵᠤ᠂ 2 ᠠᠵᠤ ᠠᠬᠤᠶᠢᠯᠠᠯ ᠢ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠬᠢᠨᠠᠨ ᠬᠠᠷᠭᠤᠭᠤᠯᠤᠯᠲᠠ ᠳᠤ ᠣᠷᠤᠭᠤᠯᠵᠤ᠂ 9 ᠠᠵᠤ ᠠᠬᠤᠶᠢᠯᠠᠯ ᠢ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠳᠤ ᠨᠢ ᠬᠠᠪᠰᠤᠷᠤᠨ ᠵᠢᠯᠤᠭᠤᠳᠴᠦ᠂ 28 ᠪᠡᠯᠡᠳᠬᠡᠯ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠡᠯᠡᠳᠬᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠳ ᠢ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠱᠠᠲᠤ ᠳᠠᠷᠠᠭᠠᠯᠠᠨ ᠠᠬᠢᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠨᠢ ᠤᠯᠠᠮ ᠢᠯᠡᠷᠬᠡᠢ ᠪᠣᠯᠵᠤ ᠪᠠᠶᠢᠨ᠎ᠠ᠃ ᠭᠡᠬᠦ ᠳᠡᠭᠡᠨ ᠥᠪᠡᠷᠲᠡᠭᠡᠨ ᠵᠠᠰᠠᠬᠤ ᠣᠷᠣᠨ ᠳᠤ ᠮᠥᠨ ᠯᠠ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠲᠤᠭ᠎ᠠ ᠴᠥᠭᠡᠨ᠂ ᠬᠡᠪᠴᠢᠶ᠎ᠡ ᠪᠠᠭ᠎ᠠ ᠪᠠᠶᠢᠬᠤ ᠠᠰᠠᠭᠤᠳᠠᠯ ᠲᠤᠯᠭᠠᠷᠠᠭᠰᠠᠭᠠᠷ ᠪᠠᠶᠢᠨ᠎ᠠ᠂ ᠨᠠᠩ ᠣᠯᠠᠨ ᠠᠵᠤ ᠠᠬᠤᠶᠢᠯᠠᠯ ᠤᠳ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠢᠳᠡᠪᠬᠢᠵᠢᠯ ᠢ ᠨᠢ ᠳᠠᠶᠢᠴᠢᠯᠠᠨ᠂ ᠠᠵᠤ ᠠᠬᠤᠶᠢᠯᠠᠯ ᠤᠳ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠳᠠᠷᠤᠭᠠᠰᠤ ᠶᠢ ᠨᠢ ᠬᠥᠩᠭᠡᠷᠡᠭᠦᠯᠬᠦ ᠶᠢᠨ ᠲᠤᠯᠠᠳᠠ᠂ ᠤᠯᠤᠰ ᠤᠨ ᠳᠣᠲᠣᠭᠠᠳᠤ ᠶᠢᠨ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠲᠣᠯᠢ ᠪᠣᠯᠭᠠᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠢ ᠤᠯᠠᠮ ᠨᠢᠭᠡ ᠠᠯᠬᠤᠮ ᠣᠯᠭᠤᠬᠤ ᠴᠢᠬᠤᠯᠠᠲᠠᠶ ᠪᠠᠶᠢᠨ᠎ᠠ᠃ ᠤᠯᠤᠰ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠭᠦᠨᠵᠡᠭᠡᠶ ᠠᠭᠢᠯᠲᠡ ᠪᠠ ᠮᠠᠨ ᠤ ᠣᠷᠣᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ ᠤ ᠤᠷᠢᠳ ᠡᠮᠦᠨ᠎ᠡ ᠨᠡᠶᠢᠲᠡᠯᠡᠭᠰᠡᠨ ᠠᠵᠤ ᠠᠬᠤᠶᠢᠯᠠᠯ ᠤᠳ ᠤᠨ ᠵᠠᠬ᠎ᠠ ᠳᠡᠯᠭᠡᠭᠦᠷ ᠲᠤ ᠭᠠᠷᠬᠤ ᠳᠤ ᠱᠠᠩᠨᠠᠵᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠨᠢ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠤᠰᠤᠳᠴᠢ ᠪᠣᠳᠠᠲᠤ ᠪᠠᠶᠢᠳᠠᠯ ᠲᠠᠢ ᠨᠢᠭᠡᠨᠲᠡ ᠵᠣᠬᠢᠴᠠᠬᠤ ᠦᠭᠡᠶ ᠪᠣᠯᠤᠭᠰᠠᠨ ᠲᠤᠯᠠ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠢᠯᠡᠷᠬᠡᠶᠢᠯᠡᠯ ᠡᠯᠭᠦᠬᠦ ᠳᠤ ᠱᠠᠩᠨᠠᠯ ᠨᠥᠬᠦᠪᠦᠷᠢ ᠣᠯᠭᠤᠬᠤ ᠵᠣᠷᠢᠭᠵᠢᠭᠤᠯᠤᠯᠭᠠ ᠶᠢᠨ ᠠᠷᠭ᠎ᠠ︾ ᠶᠢ ᠰᠢᠨ᠎ᠡ ᠪᠠᠷ ᠲᠣᠭᠲᠠᠭᠠᠬᠤ ᠴᠢᠬᠤᠯᠠᠲᠠᠶ ᠪᠣᠯᠵᠠᠢ᠃ ᠬᠤᠶᠠᠷ᠂ ᠱᠠᠩᠨᠠᠵᠤ ᠨᠥᠬᠦᠪᠦᠷᠢ ᠣᠯᠭᠤᠬᠤ ᠵᠠᠷᠴᠢᠮ ᠨᠢᠭᠡ ᠳᠤ ᠥᠭᠡᠷᠡᠴᠢᠯᠡᠯᠲᠡ ᠶᠢᠨ ᠬᠡᠷᠡᠭᠴᠡᠭᠡ ᠳᠤ ᠵᠣᠬᠢᠴᠠᠭᠤᠯᠤᠨ᠎ᠠ᠃ ᠬᠥᠷᠥᠩᠭᠡ ᠶᠢᠨ ᠵᠠᠬ᠎ᠠ ᠳᠡᠯᠭᠡᠭᠦᠷ ᠤᠨ ᠣᠶᠢᠷ᠎ᠠ ᠶᠢᠨ ᠵᠢᠯ ᠤᠳ ᠲᠠᠬᠢ ᠬᠠᠮᠤᠭ ᠤᠨ ᠰᠢᠨ᠎ᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠱᠠᠩᠨᠠᠵᠤ ᠨᠥᠬᠦᠪᠦᠷᠢ ᠣᠯᠭᠤᠬᠤ ᠠᠭᠤᠯᠭ᠎ᠠ ᠳᠤ ᠠᠵᠤ ᠠᠬᠤᠶᠢᠯᠠᠯ ᠰᠲ᠋ᠣᠺ ᠢᠶᠠᠨ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠭᠠᠷᠭᠠᠬᠤ᠂ ᠠᠵᠤ ᠠᠬᠤᠶᠢᠯᠠᠯ ᠦᠨᠡᠲᠦ ᠲᠡᠮᠳᠡᠭᠲᠦ ᠶᠢᠨ ᠭᠤᠷᠪᠠᠳᠤᠭᠠᠷ ᠵᠠᠬ᠎ᠠ ᠳᠡᠯᠭᠡᠭᠦᠷ ᠤᠨ ᠨᠠᠷᠢᠯᠢᠭ ᠰᠣᠩᠭᠤᠯᠲᠠ ᠶᠢᠨ ᠲᠡᠰ ᠲᠤ ᠣᠷᠣᠬᠤ᠂ ᠰᠲ᠋ᠣᠺ ᠢᠶᠠᠨ ᠦᠨᠡᠲᠦ ᠲᠡᠮᠳᠡᠭᠲᠦ ᠤᠨ ᠭᠤᠤᠯ ᠵᠠᠬ᠎ᠠ ᠳᠡᠯᠭᠡᠭᠦᠷ ᠲᠤ ᠰᠢᠯᠵᠢᠭᠦᠯᠬᠦ᠂ ᠰᠲ᠋ᠣᠺ ᠢᠶᠠᠨ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠲᠤ ᠭᠠᠷᠭᠠᠬᠤ ᠵᠡᠷᠭᠡ ᠠᠭᠤᠯᠭ᠎ᠠ ᠶᠢ ᠪᠠᠭᠲᠠᠭᠠᠵᠠᠢ᠃ ᠬᠤᠶᠠᠷ ᠲᠤ ᠱᠠᠲᠤ ᠬᠤᠪᠢᠶᠠᠨ ᠱᠠᠩᠨᠠᠵᠤ ᠨᠥᠬᠦᠪᠦᠷᠢ ᠣᠯᠭᠤᠨ᠎ᠠ᠃ ᠠᠵᠤ ᠠᠬᠤᠶᠢᠯᠠᠯ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠤᠨ ᠦᠨᠡᠲᠦ ᠲᠡᠮᠳᠡᠭᠲᠦ ᠶᠢᠨ ᠭᠤᠤᠯ ᠵᠠᠬ᠎ᠠ ᠳᠡᠯᠭᠡᠭᠦᠷ ᠲᠤ ᠭᠠᠷᠤᠭᠰᠠᠨ ᠪᠠ ᠰᠲ᠋ᠣᠺ ᠢᠶᠠᠨ ᠦᠨᠡᠲᠦ ᠲᠡᠮᠳᠡᠭᠲᠦ ᠤᠨ ᠭᠤᠤᠯ ᠵᠠᠬ᠎ᠠ ᠳᠡᠯᠭᠡᠭᠦᠷ ᠲᠤ ᠰᠢᠯᠵᠢᠭᠦᠯᠦᠭᠰᠡᠨ ᠪᠠᠶᠢᠪᠠᠯ᠂ ᠭᠦᠭᠵᠢᠯᠲᠡ ᠶᠢᠨ ᠬᠢᠨᠢ ᠠᠳᠠᠯᠢ ᠪᠤᠰᠤ ᠱᠠᠲᠤ ᠦᠶ᠎ᠡ ᠶᠢ ᠨᠢ ᠦᠨᠳᠦᠰᠦᠯᠡᠨ ᠱᠠᠩᠨᠠᠨ ᠨᠥᠬᠦᠪᠦᠷᠢ ᠣᠯᠭᠤᠵᠤ᠂ ᠠᠵᠤ ᠠᠬᠤᠶᠢᠯᠠᠯ ᠤᠳ ᠤᠨ ᠵᠠᠬ᠎ᠠ ᠳᠡᠯᠭᠡᠭᠦᠷ ᠲᠤ ᠭᠠᠷᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠦᠴᠦᠲᠡᠶ ᠳᠡᠭᠡᠭᠰᠢᠯᠡᠭᠦᠯᠦᠨ᠂ ᠠᠵᠤ ᠠᠬᠤᠶᠢᠯᠠᠯ ᠤᠳ ᠤᠨ ᠵᠠᠬ᠎ᠠ ᠳᠡᠯᠭᠡᠭᠦᠷ ᠲᠤ ᠭᠠᠷᠬᠤ ᠠᠴᠠ ᠡᠮᠦᠨᠡᠬᠢ ᠥᠪᠡᠷ ᠤᠨ ᠥᠷᠲᠡᠭ ᠤᠨ ᠵᠠᠷᠤᠴᠠᠭᠤᠯᠭ᠎ᠠ ᠶᠢ ᠨᠥᠬᠦᠪᠥᠷᠢᠯᠡᠨ᠎ᠡ᠃ ᠭᠤᠷᠪᠠ ᠳᠤ ᠣᠷᠣᠨ ᠤ ᠭᠠᠳᠠᠨᠠᠬᠢ ᠴᠢᠨᠠᠷ ᠰᠠᠶᠢᠲᠠᠶ ᠡᠬᠢ ᠪᠠᠶᠠᠯᠢᠭ ᠢ ᠣᠷᠣᠭᠤᠯᠤᠨ ᠠᠪᠴᠢᠷᠠᠬᠤ ᠶᠢ ᠳᠡᠮᠵᠢᠨ᠎ᠡ᠃ ᠮᠠᠨ ᠤ ᠣᠷᠣᠨ ᠳᠤ ᠨᠡᠭᠦᠵᠦ ᠢᠷᠡᠭᠰᠡᠨ ᠣᠷᠣᠨ ᠤ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠨᠦᠭᠦᠳ ᠲᠤ ᠱᠠᠩᠨᠠᠯ ᠨᠥᠬᠦᠪᠥᠷᠢ ᠥᠭᠴᠦ᠂ ᠣᠷᠣᠨ ᠤ ᠭᠠᠳᠠᠨᠠᠬᠢ ᠨᠠᠩ ᠣᠯᠠᠨ ᠰᠢᠯᠢᠳᠡᠭ ᠠᠵᠤ ᠠᠬᠤᠶᠢᠯᠠᠯ ᠤᠳ ᠢ ᠤᠷᠢᠨ ᠮᠠᠨ ᠤ ᠣᠷᠣᠨ ᠳᠤ ᠨᠡᠭᠦᠯᠭᠡᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃ ᠳᠥᠷᠪᠡ ᠳᠤ᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠪᠣᠯᠪᠠᠰᠤᠷᠠᠭᠤᠯᠤᠨ ᠪᠡᠯᠡᠳᠬᠡᠭᠦᠯᠬᠦ ᠦᠶᠯᠡᠳᠦᠯ ᠢᠶᠠᠨ ᠪᠠᠳᠠᠷᠠᠭᠤᠯᠬᠤ ᠶᠢ ᠨᠢ ᠵᠣᠷᠢᠭᠵᠢᠭᠤᠯᠵᠤ᠂ ᠰᠲ᠋ᠣᠺ ᠤᠨ ᠠᠷᠠᠯᠵᠢᠶᠠᠨ ᠤ ᠲᠥᠪ ᠤᠨ ᠪᠣᠯᠪᠠᠰᠤᠷᠠᠭᠤᠯᠤᠨ ᠪᠡᠯᠡᠳᠬᠡᠭᠦᠯᠦᠭᠰᠡᠨ ᠠᠵᠤ ᠠᠬᠤᠶᠢᠯᠠᠯ ᠤᠳ ᠤᠨ ᠪᠠᠶᠢᠳᠠᠯ ᠢ ᠦᠨᠳᠦᠰᠦᠯᠡᠨ᠂ ᠰᠲ᠋ᠣᠺ ᠤᠨ ᠠᠷᠠᠯᠵᠢᠶᠠᠨ ᠤ ᠲᠥᠪ ᠲᠤ ᠵᠣᠬᠢᠬᠤ ᠬᠡᠮᠵᠢᠶᠡᠨ ᠤ ᠱᠠᠩᠨᠠᠯ ᠨᠥᠬᠦᠪᠦᠷᠢ ᠣᠯᠭᠤᠨ᠎ᠠ᠃ ᠭᠤᠷᠪᠠ᠂ ᠭᠤᠤᠯ ᠠᠭᠤᠯᠭ᠎ᠠ ᠨᠢᠭᠡ ᠳᠤ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠭᠰᠠᠨ ᠮᠠᠨ ᠣᠷᠣᠨ ᠤ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤ 1300 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢ ᠱᠠᠲᠤ ᠬᠤᠪᠢᠶᠠᠨ ᠣᠯᠭᠤᠨ᠎ᠠ᠃ ᠬᠤᠶᠠᠷ ᠲᠤ ᠬᠢᠯᠢ ᠶᠢᠨ ᠭᠠᠳᠠᠨᠠᠬᠢ ᠦᠨᠡᠲᠦ ᠲᠡᠮᠳᠡᠭᠲᠦ ᠠᠷᠠᠯᠵᠢᠶᠠᠯᠠᠬᠤ ᠭᠤᠣᠯ ᠪᠣᠯᠬᠤ ᠭᠠᠵᠠᠷ ᠤᠳ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢ ᠨᠢᠭᠡ ᠯᠠ ᠤᠳᠠᠭ᠎ᠠ ᠳᠤ ᠪᠦᠬᠦᠨ ᠢ ᠥᠭᠭᠦᠨ᠎ᠡ᠃ ᠭᠤᠷᠪᠠ ᠳᠤ᠂ ᠦᠨᠡᠲᠦ ᠲᠡᠮᠳᠡᠭᠲᠦ ᠶᠢᠨ ᠭᠤᠷᠪᠠᠳᠤᠭᠠᠷ ᠵᠠᠬ᠎ᠠ ᠳᠡᠯᠭᠡᠭᠦᠷ ᠤᠨ ᠨᠠᠷᠢᠯᠢᠭ ᠰᠣᠩᠭᠤᠯᠲᠠ ᠶᠢᠨ ᠲᠡᠰ ᠲᠤ ᠰᠣᠩᠭᠤᠭᠳᠠᠭᠰᠠᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢ ᠨᠢᠭᠡ ᠯᠠ ᠤᠳᠠᠭ᠎ᠠ ᠳᠤ ᠪᠦᠬᠦᠨ ᠢ ᠣᠯᠭᠤᠨ᠎ᠠ︔ ᠨᠠᠷᠢᠯᠢᠭ ᠰᠣᠩᠭᠤᠯᠲᠠ ᠶᠢᠨ ᠲᠡᠰ ᠤᠨ ᠠᠵᠤ ᠠᠬᠤᠶᠢᠯᠠᠯ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠤᠨ ᠦᠨᠡᠲᠦ ᠲᠡᠮᠳᠡᠭᠲᠦ ᠤᠨ ᠭᠤᠤᠯ ᠵᠠᠬ᠎ᠠ ᠳᠡᠯᠭᠡᠭᠦᠷ ᠲᠤ ᠰᠢᠯᠵᠢᠭᠰᠡᠨ ᠪᠣᠯ ᠠᠵᠤ ᠠᠬᠤᠶᠢᠯᠠᠯ ᠳᠤ ᠳᠠᠬᠢᠨᠲᠠ 1000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢ ᠨᠢᠭᠡ ᠯᠠ ᠤᠳᠠᠭ᠎ᠠ ᠳᠤ ᠪᠦᠬᠦᠨ ᠢ ᠣᠯᠭᠤᠨ᠎ᠠ᠃ ᠳᠥᠷᠪᠡ ᠳᠤ ᠳᠠᠩᠰᠠᠯᠠᠭᠤᠯᠤᠭᠰᠠᠨ ᠭᠠᠵᠠᠷ ᠢᠶᠠᠨ ᠮᠠᠨ ᠤ ᠣᠷᠣᠨ ᠳᠤ ᠨᠡᠭᠦᠯᠭᠡᠨ ᠣᠷᠣᠭᠤᠯᠤᠭᠰᠠᠨ ᠣᠷᠣᠨ ᠤ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠤ ᠥᠪᠡᠷᠲᠡᠭᠡᠨ ᠵᠠᠰᠠᠬᠤ ᠣᠷᠣᠨ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠥᠭᠭᠦᠨ᠎ᠡ᠃ ᠲᠠᠪᠤ ᠳᠤ᠂ ᠠᠵᠤ ᠠᠬᠤᠶᠢᠯᠠᠯ ᠨᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠪᠣᠯᠪᠠᠰᠤᠷᠠᠨ ᠪᠡᠯᠡᠳᠬᠡᠭᠰᠡᠨ ᠮᠥᠷᠲᠡᠭᠡᠨ ︽ᠲᠢᠶᠠᠨ ᠵᠢᠶᠦ᠋ᠨ ᠪᠠᠨ︾ ᠳᠤ ᠣᠷᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠨᠢ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠡᠷᠦᠬᠡ ᠪᠦᠷᠢ ᠳᠤ 30 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ︽ᠲᠢᠶᠠᠨ ᠵᠢᠶᠦ᠋ᠨ ᠪᠠᠨ︾ ᠠᠵᠤ ᠠᠬᠤᠶᠢᠯᠠᠯ ᠨᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠪᠣᠯᠪᠠᠰᠤᠷᠠᠨ ᠪᠡᠯᠡᠳᠬᠡᠭᠰᠡᠨ ᠪᠥᠭᠡᠳ ᠥᠪᠥᠷ ᠮᠣᠩᠭᠤᠯ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠵᠢᠯᠣᠭᠤᠳᠤᠭᠤᠯᠤᠨ ᠪᠦᠷᠢᠳᠬᠡᠨ ᠲᠠᠩᠰᠠᠯᠠᠭᠤᠯᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠡᠷᠦᠬᠡ ᠪᠦᠷᠢ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|