ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ  ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ  ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/9/18

      9 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ 5 ᠳ᠋ᠤᠭᠠᠷ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ᠂ ᠦᠨᠳᠦᠰᠦᠲᠡᠨ ᠤ ᠠᠵᠢᠯ ᠢ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠲᠤᠬᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠩ ᠱᠣᠣ ᠴᠦᠨ᠂ ᠠᠢ ᠯᠢ ᠬᠤᠸᠠ᠂ ᠪᠣᠣ ᠭᠠᠩ᠂ ᠬᠤᠸᠠᠩ ᡁᠢ ᠴᠢᠶᠠᠩ᠂ ᠴᠢ᠊ ᠪᠠᠲᠤ᠂ ᠵᠧᠩ ᠳ᠋ᠦᠩ ᠪᠥᠸᠧ ᠭᠤᠣᠯᠳᠠᠯᠭ᠎ᠠ ᠲᠠᠢ ᠦᠭᠡ ᠬᠡᠯᠡᠪᠡ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ ᠪᠢᠳᠡᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠵᠦ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠢᠯᠠᠩᠭᠤᠶ᠎ᠠ ᠤᠳᠤᠷᠢᠳᠬᠤ ᠺᠠᠳ᠋ᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠣᠨᠣᠯ ᠪᠠ ᠪᠣᠳᠠᠲᠠᠢ ᠶᠢ ᠤᠶᠠᠯᠳᠤᠭᠤᠯᠬᠤ ᠲᠠᠯ᠎ᠠ ᠠᠴᠠ ᠭᠦᠨᠵᠡᠭᠡᠶᠢᠷᠡᠭᠦᠯᠦᠨ ᠬᠡᠷᠡᠭᠯᠡᠵᠦ᠂ ᠬᠡᠯᠪᠡᠶᠢᠭᠦᠦ ᠶᠢ ᠵᠠᠯᠠᠷᠠᠭᠤᠯᠬᠤ ᠪᠠ ᠥᠭᠡᠷᠡᠴᠢᠯᠡᠨ ᠰᠠᠶᠢᠵᠢᠷᠠᠭᠤᠯᠬᠤ ᠶᠢ ᠴᠢᠩᠭᠠᠳᠬᠠᠬᠤ ᠳᠤᠮᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠶᠢᠨ ᠪᠠᠶᠢᠬᠤ ᠶᠢ ᠦᠨᠡᠨ ᠬᠦ ᠪᠡᠶᠡᠯᠡᠭᠦᠯᠵᠦ᠂ ᠴᠠᠭ ᠢᠮᠠᠭᠲᠠ ᠭᠠᠵᠠᠷ ᠪᠣᠯᠭᠠᠨ ᠤᠴᠢᠷ ᠶᠠᠪᠤᠳᠠᠯ ᠪᠦᠬᠦᠨ ᠢ ᠬᠠᠷᠠᠭᠤᠯᠤᠨ ᠪᠠᠷᠢᠮᠵᠢᠶᠠᠯᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠥᠪᠥᠷ ᠮᠣᠩᠭᠤᠯ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠲᠠᠶᠢᠯᠪᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠨ ᠭᠠᠷᠭᠠᠭᠰᠠᠨ ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠮᠥᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠃ ᠡᠯ᠎ᠡ ᠱᠠᠲᠤᠨ ᠤ ᠤᠳᠤᠷᠢᠳᠬᠤ ᠺᠠᠳ᠋ᠷ ᠢᠮᠠᠭᠲᠠ ︽ᠬᠤᠶᠠᠷ ᠶᠡᠭᠡ ᠲᠠᠯ᠎ᠠ︾ ᠶᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠪᠣᠳᠣᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠤᠴᠢᠷ ᠰᠢᠯᠲᠠᠭᠠᠨ ᠢ ᠲᠣᠳᠣᠷᠬᠠᠢ ᠣᠶᠢᠯᠠᠭᠠᠵᠤ᠂ ᠲᠡᠦᠬᠡ ᠶᠢᠨ ᠪᠣᠳᠠᠲᠤ ᠡᠬᠢ ᠰᠤᠷᠪᠤᠯᠵᠢ ᠶᠢ ᠰᠢᠯᠤᠭᠤᠳᠬᠠᠵᠤ᠂ ᠠᠵᠢᠯ ᠤᠨ ᠦᠢᠯᠡᠳᠦᠯᠭᠡ ᠳᠤᠮᠳᠠ ᠪᠠᠨ ᠳᠤᠲᠠᠭᠤᠳᠠᠯ ᠲᠠᠢ ᠪᠠᠭᠤᠷᠠᠢ ᠲᠠᠯ᠎ᠠ᠂ ᠵᠥᠷᠢᠴᠡᠯ ᠤᠨ ᠠᠰᠠᠭᠤᠳᠠᠯ ᠢ ᠣᠨᠣᠪᠴᠢᠲᠠᠢ ᠡᠷᠢᠵᠦ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠥᠨᠳᠥᠷᠴᠡ ᠠᠴᠠ ᠡᠨᠡ ᠬᠦ ᠭᠤᠣᠯ ᠰᠢᠵᠢᠮ ᠢ ᠭᠦᠨᠵᠡᠭᠡᠢ ᠣᠶᠢᠯᠠᠭᠠᠵᠤ᠂ ᠣᠨᠣᠪᠴᠢᠲᠠᠢ ᠡᠵᠡᠮᠳᠡᠵᠦ᠂ ᠡᠷᠡᠰ ᠲᠤᠭᠤᠰᠢᠯᠠᠭᠤᠯᠵᠤ᠂ ᠤᠯᠤᠰ ᠲᠥᠷᠥ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢᠨ ᠲᠠᠯ᠎ᠠ ᠪᠠᠷ ᠲᠤᠭᠤᠰᠢᠲᠠᠢ ᠪᠠᠶᠢᠬᠤ ᠪᠠᠷ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠪᠣᠯᠣᠨ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠵᠤ᠂ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠬᠦ᠂ ᠣᠨᠢᠨ ᠳᠡᠭᠡᠷ᠎ᠡ ᠨᠢ ᠦᠢᠯᠡᠴᠢᠯᠡᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠨ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠲᠦᠷᠭᠡᠳᠬᠡᠨ ᠪᠠᠶᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠪᠣᠯᠣᠨ ︽ᠳᠥᠷᠪᠡ ᠶᠢ ᠬᠠᠮᠲᠤ ᠪᠠᠷ ᠡᠳ᠋ᠯᠡᠬᠦ︾ ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠬᠦ ᠬᠡᠷᠡᠭᠲᠡᠢ᠃ ᠬᠥᠭᠵᠢᠭᠦᠯᠬᠦ ᠪᠠᠷ ᠭᠤᠣᠯ ᠪᠣᠯᠭᠠᠬᠤ᠂ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠠᠷ ᠲᠡᠷᠢᠭᠦᠨ ᠬᠠᠷᠢᠭᠤᠴᠠᠯᠭ᠎ᠠ ᠪᠣᠯᠭᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ ᠥᠭᠡᠷᠡᠴᠢᠯᠡᠯᠲᠡ ᠬᠥᠭᠵᠢᠯᠲᠡ ᠶᠢᠨ ᠵᠣᠷᠢᠯᠲᠠ ᠪᠠ ᠲᠤᠰᠤᠯᠲᠠ ᠪᠣᠯᠭᠠᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠲᠤᠳᠬᠠᠬᠤ᠂ ᠡᠬᠢ ᠦᠨᠳᠦᠰᠦ ᠠᠴᠠ ᠨᠢ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠠᠶᠢᠷᠠᠯᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ