2021 ᠣᠨ ᠳᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠳᠤ ᠪᠠᠶᠢᠴᠠᠭᠠᠯᠲᠠ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/9/2

      ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠤᠨ ᠠᠯᠪᠠᠨ ᠬᠡᠷ ᠤᠨ ︽2021 ᠣᠨ ᠳᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠳᠤ ᠪᠠᠶᠢᠴᠠᠭᠠᠯᠲᠠ ᠥᠷᠨᠢᠭᠦᠯᠬᠦ ᠲᠤᠬᠠᠶ ᠮᠡᠳᠡᠭᠳᠡᠯ︾ ︵ᠲᠥᠷᠥ ᠰᠤᠷᠭᠠᠨ ᠰᠢᠮᠳᠠᠭᠤᠯᠤᠨ ᠭᠦᠢᠴᠡᠳᠬᠡᠬᠦ ᠵᠠᠬᠢᠳᠠᠯ ﹇2021﹈ 50 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠳᠤ ᠪᠠᠶᠢᠴᠠᠭᠠᠯᠲᠠ ᠥᠷᠨᠢᠭᠦᠯᠦᠨ᠎ᠡ᠃

      ᠪᠠᠶᠢᠴᠠᠭᠠᠬᠤ ᠴᠠᠭ᠄ 2021 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠃

      ᠪᠠᠶᠢᠴᠠᠭᠠᠭᠳᠠᠬᠤ ᠡᠲᠡᠭᠡᠳ᠄ ᠨᠡᠶᠢᠭᠡᠮ ᠤᠨ ᠬᠥᠮᠦᠰ᠂ ᠪᠠᠭᠰᠢ ᠨᠠᠷ ᠪᠠ ᠰᠤᠷᠤᠭᠴᠢᠳ᠃

      ᠲᠠᠭᠯᠠᠨ ᠬᠠᠷᠢᠭᠤᠯᠬᠤ ᠬᠡᠯᠪᠡᠷᠢ᠄ ︽ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ︾ ᠸᠢᠴᠠᠲ ᠤᠨ ᠨᠡᠶᠢᠲᠡ ᠶᠢᠨ ᠳ᠋ᠤᠭᠠᠷ ᠤᠨ ᠬᠤᠶᠠᠷ ᠬᠡᠮᠵᠢᠯᠳᠦ ᠺᠣᠳ᠋ ᠢ ᠰᠢᠷᠪᠢᠵᠦ᠂ ︽ᠨᠡᠶᠢᠲᠡ ᠶᠢᠨ ᠳ᠋ᠤᠭᠠᠷ ᠢ ᠠᠩᠬᠠᠷᠬᠤ︾ ᠶᠢ ᠰᠣᠩᠭᠤᠵᠤ᠂ ᠲᠡᠷᠢᠭᠦᠨ ᠨᠢᠭᠤᠷ ᠤᠨ ᠳᠣᠣᠷ᠎ᠠ ᠲᠠᠯ᠎ᠠ ᠶᠢᠨ        ︽ᠬᠠᠷᠢᠯᠴᠠᠨ ᠦᠢᠯᠡᠳᠦᠯᠴᠡᠬᠦ ᠲᠠᠪᠴᠠᠩ︾ ᠢ ᠳᠠᠷᠤᠵᠤ᠂ ︽ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠪᠠᠶᠢᠴᠠᠭᠠᠯᠲᠠ︾ ᠶᠢ ᠰᠣᠩᠭᠤᠵᠤ᠂ ᠬᠠᠷᠢᠭᠤᠯᠤᠭᠴᠢ ᠥᠪᠡᠷᠰᠡᠳ ᠤᠨ ᠪᠡᠶ᠎ᠡ ᠭᠠᠷᠤᠯ ᠢᠶᠠᠨ ᠦᠨᠳᠦᠰᠦᠯᠡᠨ᠂ ᠬᠠᠷᠠᠭᠠᠯᠵᠠᠭᠰᠠᠨ ᠠᠰᠠᠭᠤᠯᠲᠠ ᠶᠢᠨ ᠬᠠᠭᠤᠳᠠᠰᠤ ᠶᠢ ᠰᠣᠩᠭᠤᠵᠤ ᠬᠠᠷᠢᠭᠤᠯᠤᠨ᠎ᠠ︔ ︽ᠢᠯᠡᠴᠢᠯᠡᠨ ᠮᠡᠳᠡᠭᠦᠯᠬᠦ ᠲᠠᠪᠴᠠᠩ︾ ᠢ ᠰᠣᠩᠭᠤᠵᠤ᠂ ᠢᠯᠡᠴᠢᠯᠡᠨ ᠮᠡᠳᠡᠭᠦᠯᠬᠦ ᠰᠢᠰᠲ᠋ᠧᠮ ᠳᠤ ᠣᠷᠣᠵᠤ ᠦᠭᠡ ᠦᠯᠡᠳᠡᠭᠡᠨ᠂ ᠢᠯᠡᠴᠢᠯᠡᠨ ᠮᠡᠳᠡᠭᠦᠯᠬᠦ ᠰᠦᠪᠡᠭᠴᠢ ᠬᠠᠩᠭᠠᠨ᠎ᠠ᠃ ᠬᠠᠷᠢᠭᠤᠯᠤᠭᠴᠢ ᠠᠰᠠᠭᠤᠯᠲᠠ ᠶᠢᠨ ᠬᠠᠭᠤᠳᠠᠰᠤ ᠪᠠ ᠠᠰᠠᠭᠤᠳᠠᠯ ᠤᠨ ᠢᠯᠡᠴᠢᠯᠡᠨ ᠮᠡᠳᠡᠭᠦᠯᠦᠯᠲᠡ ᠪᠠᠨ ᠲᠤᠰᠢᠶᠠᠪᠠᠯ᠂ ᠰᠢᠰᠲ᠋ᠧᠮ ᠤᠨ ᠠᠷᠤ ᠲᠠᠪᠴᠠᠩ ᠳᠤ ᠠᠦ᠋ᠲ᠋ᠣ᠋ ᠪᠠᠷ ᠳᠡᠪᠰᠢᠭᠦᠯᠵᠦ᠂ ᠪᠠᠶᠢᠴᠠᠭᠠᠯᠲᠠ ᠶᠢᠨ ᠶᠠᠪᠤᠴᠠ ᠶᠢᠨ ᠲᠥᠪ ᠭᠤᠣᠯᠴᠢ᠂ ᠠᠰᠠᠭᠤᠯᠲᠠ ᠶᠢᠨ ᠬᠠᠭᠤᠳᠠᠰᠤ ᠶᠢᠨ ᠦᠷ᠎ᠡ ᠳ᠋ᠦᠩ ᠪᠠ ᠠᠰᠠᠭᠤᠳᠠᠯ ᠤᠨ ᠢᠯᠡᠴᠢᠯᠡᠨ ᠮᠡᠳᠡᠭᠦᠯᠦᠯᠲᠡ ᠶᠢᠨ ᠠᠭᠤᠯᠭ᠎ᠠ ᠶᠢᠨ ᠨᠢᠭᠤᠴᠠ ᠶᠢ ᠬᠠᠮᠠᠭᠠᠯᠠᠬᠤ ᠶᠢ ᠪᠠᠲᠤᠯᠠᠨ᠎ᠠ᠃

1.jpg

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ