ᠱᠢ ᠲᠠᠢ ᠹᠧᠩ ᠲᠦᠩᠯᠢᠶᠣᠤ ᠬᠤᠳᠠ ᠪᠣᠯᠤᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠬᠤ ᠳᠠᠭᠠᠨ ᠳᠠᠷᠤᠯᠲᠠ ᠪᠠᠨ ᠨᠡᠮᠡᠭᠳᠡᠭᠦᠯᠵᠦ ᠡᠷᠴᠢᠮ ᠢᠶᠠᠨ ᠴᠢᠩᠭᠠᠷᠠᠭᠤᠯᠵᠤ ᠴᠢᠬᠤᠯᠠ ᠶᠡᠭᠡ ᠲᠥᠷᠥᠯ ᠵᠦᠢᠯ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭ᠎ᠠ ᠪᠣᠳᠠᠲᠠᠶ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/9/2
      8 ᠰᠠᠷ᠎ᠠ ᠶᠢᠨ 30 ᠠᠴᠠ 9 ᠰᠠᠷ᠎ᠠ ᠶᠢᠨ 1 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠦᠩᠯᠢᠶᠣᠤ ᠬᠤᠳᠠ ᠶᠢᠨ ᠬᠤᠷᠴᠢᠨ ᠲᠣᠭᠤᠷᠢᠭ᠂ ᠺᠠᠶᠢᠯᠦ ᠰᠢᠶᠠᠨ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠣᠩᠨᠢᠭᠤᠳ ᠬᠤᠰᠢᠭᠤ᠂ ᠬᠤᠩᠱᠠᠨ ᠲᠣᠭᠤᠷᠢᠭ ᠪᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠢᠳᠡᠪᠬᠢᠳᠠᠢ ᠠᠵᠢᠯᠯᠠᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠤᠨ ᠴᠡᠭᠴᠡᠯᠡᠨ ᠰᠠᠶᠢᠵᠢᠷᠠᠭᠤᠯᠵᠤ᠂ ᠯᠠᠪᠳᠠᠭᠤᠨ ᠬᠦᠴᠦᠲᠡᠶ ᠠᠵᠢᠯ ᠤᠨ ᠠᠷᠭ᠎ᠠ ᠬᠡᠮᠵᠢᠶ᠎ᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃

1.jpg

2.jpg

3.jpg

4.jpg

      ᠣᠶᠢᠷ᠎ᠠ ᠶᠢᠨ ᠡᠳᠦᠷ ᠲᠤ᠂ ᠱᠢ ᠲᠠᠢ ᠹᠧᠩ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠵᠤ᠂ ᠠᠵᠤ ᠠᠬᠤᠶᠢᠯᠠᠯ ᠢᠶᠠᠷ ᠰᠤᠷᠪᠤᠯᠵᠢᠯᠠᠨ᠂ ᠲᠥᠷᠥᠯ ᠵᠦᠢᠯ ᠢ

ᠦᠵᠡᠵᠦ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠤᠯᠠᠨ

ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠪ ᠤᠨ ᠲᠦᠷᠦᠯ ᠵᠦᠢᠯ᠂ ᠫᠧᠩ ᠹᠧᠩ ᠺᠣᠮᠫᠠᠨᠢ ᠶᠢᠨ ᠤᠰᠤ ᠦᠭᠡᠢ

ᠹᠯᠣᠷᠲᠤ ᠤᠰᠤᠲᠥ᠋ᠷᠥᠭᠴᠢ ᠵᠢᠴᠢ ᠳᠡᠭᠡᠳᠦ ᠲᠡᠰ ᠤᠨ ᠹᠯᠣᠷᠲᠤ ᠮᠠᠲ᠋ᠧᠷᠢᠶᠠᠯ ᠠᠭᠤᠯᠤᠭᠰᠠᠨ ᠬᠤᠯᠪᠣᠭᠠᠯᠠᠨ ᠦᠢᠯᠡᠳᠪᠦᠷᠢᠯᠡᠬᠦ ᠲᠦᠷᠦᠯ ᠵᠦᠢᠯ᠂ ᠶᠦᠨ ᠲᠦᠩ

ᠺᠣᠮᠫᠠᠨᠢ ᠶᠢᠨ ᠳᠡᠭᠡᠳᠦ ᠲᠡᠰ ᠤᠨ ᠴᠡᠪᠡᠷ ᠵᠡᠰ ᠬᠠᠶᠢᠯᠤᠭᠤᠯᠬᠤ ᠲᠦᠷᠦᠯ ᠵᠦᠢᠯ᠂ ᠳ᠋ᠦᠩ ᠶᠤᠸᠠᠢ ᠶᠢᠨ ᠹᠧᠩ ᠺᠣᠮᠫᠠᠨᠢ ᠶᠢᠨ ᠤᠰᠤ ᠦᠭᠡᠢ ᠹᠯᠣᠷᠲᠤ ᠤᠰᠤᠲᠥ᠋ᠷᠥᠭᠴᠢ

ᠦᠢᠯᠡᠳᠪᠦᠷᠢᠯᠡᠬᠦ ᠲᠦᠷᠦᠯ ᠵᠦᠢᠯ ᠵᠡᠷᠭᠡ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠰᠢᠨᠵᠢᠯᠡᠨ ᠪᠠᠶᠢᠴᠠᠭᠠᠬᠤ ᠳᠠᠭᠠᠨ ᠱᠢ ᠲᠠᠢ ᠹᠧᠩ᠂ ᠠᠵᠤ ᠠᠬᠤᠢ ᠶᠢᠨ

ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠪᠠᠯ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ᠂ ᠪᠣᠳᠠᠲᠠᠢ᠂ ᠰᠠᠶᠢᠲᠤᠷ ᠠᠳᠬᠤᠬᠤ ᠳᠡᠭᠡᠷ᠎ᠡ

ᠢᠯᠡᠷᠡᠭᠦᠯᠬᠦ ᠬᠡᠷᠡᠭᠲᠡᠢ᠃ ᠲᠦᠩᠯᠢᠶᠣᠤ ᠬᠤᠲᠠ ᠪᠣᠯᠤᠨ ᠤᠯᠠᠭᠠᠨᠬᠠᠳᠠ ᠬᠤᠲᠠ ᠪᠣᠯ ᠴᠥᠮ ᠥᠪᠥᠷ ᠮᠣᠩᠭᠤᠯ ᠤᠨ ᠵᠡᠭᠦᠨ ᠪᠡᠶ᠎ᠠ ᠶᠢᠨ ᠠᠵᠤ ᠠᠬᠤᠶ ᠶᠢᠨ ᠴᠢᠬᠤᠯᠠ

ᠭᠠᠵᠠᠷ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠥᠪᠥᠷ ᠮᠣᠩᠭᠤᠯ ᠤᠨ ᠵᠡᠭᠦᠨ ᠪᠡᠶ᠎ᠠ ᠶᠢᠨ ︽ᠬᠤᠤᠰ

ᠣᠳᠣ︾ ᠶᠢ ᠴᠣᠭᠴᠠᠯᠠᠬᠤ ᠳᠤ ᠵᠠᠩᠭᠢᠯᠠᠭ᠎ᠠ ᠨᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ

ᠰᠠᠶᠢᠲᠤᠷ ᠠᠳᠬᠤᠬᠤ ᠬᠡᠷᠡᠭᠲᠡᠶ᠃ ᠲᠤᠰ ᠭᠠᠵᠠᠷ ᠤᠨ ᠳᠠᠪᠠᠭᠤᠯᠢᠭ ᠪᠣᠯᠤᠨ ᠲᠤᠰ ᠪᠡᠶ᠎ᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠵᠤ᠂ ᠠᠵᠤ

ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠵᠤ

ᠠᠪᠴᠢᠷᠠᠬᠤ ᠶᠢ ᠢᠳᠡᠪᠬᠢᠲᠡᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠬᠦ ᠪᠠᠷ ᠭᠤᠤᠯᠳᠠᠭᠤᠯᠤᠨ ᠲᠦᠷᠦᠯ ᠵᠦᠢᠯ ᠢ

ᠰᠦᠪᠡᠭᠴᠢᠯᠡᠨ ᠲᠦᠷᠦᠯ ᠵᠦᠢᠯ ᠢ ᠠᠳᠬᠤᠵᠤ᠂ ᠮᠡᠷᠭᠡᠵᠢᠯ᠂ ᠡᠨᠧᠷᠭᠢ ᠶᠢᠨ ᠬᠤᠷᠣᠭᠳᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠤ ᠪᠣᠭᠤᠮᠲᠠ ᠶᠢ

ᠦᠨᠡᠨ ᠬᠦ ᠰᠠᠶᠢᠲᠤᠷ ᠡᠵᠡᠮᠳᠡᠵᠦ᠂ ︽ᠰᠠᠶᠢᠨ ᠮᠠᠭᠤ ᠶᠢ ᠢᠯᠭᠠᠬᠤ ᠦᠭᠡᠢ︾ ᠬᠢᠳᠡᠯ ᠢ ᠲᠡᠪᠴᠢᠬᠦ ᠬᠡᠷᠡᠭᠳᠡᠢ᠃ ᠠᠰᠠᠭᠤᠳᠠᠯ ᠳᠤ ᠵᠥᠪ ᠢᠶᠠᠷ ᠬᠠᠨᠳᠤᠵᠤ᠂ ᠵᠦᠷᠢᠶ᠎ᠡ ᠪᠠᠨ

ᠣᠯᠵᠤ ᠬᠠᠷᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠷᠬᠡᠢ ᠪᠤᠰᠤ ᠣᠨᠴᠠᠭᠠᠶᠢᠯᠠᠨ ᠰᠢᠨ᠎ᠡ ᠪᠠᠷ ᠡᠬᠢᠯᠡᠭᠦᠯᠦᠭᠰᠡᠨ ᠲᠦᠷᠦᠯ

ᠵᠦᠢᠯ ᠴᠥᠭᠡᠨ ᠪᠠᠶᠢᠭ᠎ᠠ ᠶᠢᠨ ᠰᠢᠯᠲᠠᠭᠠᠨ ᠪᠣᠯᠤᠨ ᠭᠡᠮ ᠰᠣᠭᠤᠭ ᠢ ᠭᠦᠨᠵᠡᠭᠡᠢ ᠵᠠᠳᠠᠯᠤᠨ ᠰᠤᠳᠤᠯᠵᠤ᠂ ᠲᠦᠷᠦᠯ ᠵᠦᠢᠯ ᠢ ᠠᠳᠬᠤᠬᠤ᠂ ᠪᠡᠯᠡ ᠣᠷᠣᠭᠤᠯᠤᠯᠲᠠ ᠶᠢ

ᠲᠣᠭᠲᠠᠪᠤᠷᠢᠵᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠰᠡᠳᠭᠢᠯᠭᠡ ᠪᠠᠨ ᠴᠢᠩᠭᠠᠳᠬᠠᠨ᠂ ᠪᠦᠬᠦ ᠬᠦᠴᠦᠨ ᠢᠶᠠᠷ ᠢᠶᠠᠨ ᠠᠳᠬᠤᠵᠤ᠂ ᠳᠠᠷᠤᠯᠲᠠ ᠪᠠᠨ

ᠨᠡᠮᠡᠭᠳᠡᠭᠦᠯᠦᠨ ᠡᠷᠴᠢᠮ ᠢᠶᠠᠨ ᠴᠢᠩᠭᠠᠷᠠᠭᠤᠯᠤᠨ ᠠᠳᠬᠤᠵᠤ᠂ ᠤᠨᠢᠨ ᠳᠡᠭᠡᠷ᠎ᠡ ᠨᠢ ᠬᠦᠴᠦᠯᠡᠨ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠠᠯᠢ

ᠲᠦᠷᠭᠡᠨ ᠢᠶᠠᠷ ᠢᠯᠡᠳᠲᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠤᠯᠤᠰ ᠤᠨ ᠡᠨᠧᠷᠭᠢ ᠶᠢᠨ ᠪᠦᠯᠦᠭᠯᠡᠯ ᠤᠨ ᠲᠦᠩᠯᠢᠶᠣᠤ ᠶᠢᠨ ᠠᠮᠢᠳᠤ ᠪᠣᠳᠠᠰ ᠤᠨ

ᠪᠠᠶᠢᠭᠠᠯᠢ ᠶᠢᠨ ᠰᠢᠲᠠᠮᠠᠬᠠᠶ ᠬᠡᠶ ᠶᠢᠨ ᠲᠥᠷᠥᠯ ᠵᠦᠢᠯ ᠪᠣᠯᠤᠨ ᠴᠧᠨ ᠶᠤᠸᠠᠢ ᠺᠣᠮᠫᠠᠨᠢ ᠶᠢᠨ ᠠᠮᠢᠳᠤ ᠪᠣᠳᠠᠰ ᠤᠨ ᠵᠠᠭᠤᠴᠢ ᠶᠢᠨ ᠠᠯᠳᠧᠭᠢᠳ᠋ ᠤᠨ ᠴᠠᠬᠢᠯᠭᠠᠨ ᠬᠤᠯᠪᠣᠭᠠᠯᠠᠨ

ᠦᠢᠯᠡᠳᠪᠦᠷᠢᠯᠡᠬᠦ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠱᠢ ᠲᠠᠢ ᠹᠧᠩ ᠲᠥᠷᠥᠯ ᠵᠦᠢᠯ ᠤᠨ ᠦᠨᠳᠦᠰᠦᠨ ᠪᠠᠶᠢᠳᠠᠯ ᠪᠣᠯᠤᠨ ᠪᠥᠲᠥᠭᠡᠨ

ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠲᠡᠷᠡ᠂ ᠡᠶᠢᠮᠦᠷᠬᠦᠦ ᠲᠥᠷᠥᠯ ᠵᠦᠢᠯ ᠨᠢ ᠲᠤᠬᠠᠶ ᠶᠢᠨ ᠭᠠᠵᠠᠷ ᠤᠨ ᠳᠠᠷᠢᠵᠤ ᠲᠡᠵᠢᠭᠡᠬᠦ ᠦᠢᠯᠡᠰ ᠪᠣᠯᠤᠨ

ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠨᠡᠶᠢᠴᠡᠬᠦ ᠬᠡᠮᠵᠢᠶ᠎ᠠ ᠪᠠᠷ ᠥᠨᠳᠥᠷ ᠪᠠᠶᠢᠵᠤ᠂ ᠪᠠᠭ᠎ᠠ ᠨᠡᠬᠦᠷᠡᠰᠤᠳᠦ᠋ᠷᠦᠭᠴᠢᠳᠤ

ᠬᠦᠭᠵᠢᠯᠳᠡ᠂ ᠡᠷᠬᠢᠯᠳᠡᠳᠤ ᠬᠥᠭᠵᠢᠯᠲᠡ ᠶᠢ ᠵᠢᠱᠢᠶ᠎ᠠ ᠦᠵᠡᠭᠦᠯᠦᠨ ᠳᠠᠶᠢᠴᠢᠯᠠᠬᠤ ᠲᠠᠯ᠎ᠠ ᠪᠠᠷ ᠮᠠᠰᠢ ᠶᠡᠭᠡ ᠠᠴᠢ ᠬᠤᠯᠪᠣᠭᠳᠠᠯ ᠲᠠᠢ ᠶᠤᠮ᠂ ᠦᠨᠡᠨ ᠬᠦ ᠴᠢᠩᠭ᠎ᠠ

ᠰᠠᠶᠢᠲᠤᠷ ᠠᠳᠬᠤᠵᠤ᠂ ᠡᠷᠲᠡᠬᠡᠨ ᠠᠰᠢᠠᠠᠯᠠᠯᠳᠠ ᠳᠤ ᠣᠷᠣᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠶᠢᠨ ᠴᠢ ᠯᠢᠨ

ᠰᠢᠨ᠎ᠡ ᠡᠨᠧᠷᠭᠢ ᠶᠢ ᠰᠤᠳᠤᠯᠤᠨ ᠨᠡᠭᠡᠭᠡᠵᠦ ᠠᠵᠢᠯᠯᠠᠭᠤᠯᠵᠤ ᠬᠠᠮᠠᠭᠠᠯᠠᠬᠤ ᠲᠥᠪ ᠤᠨ ᠲᠥᠷᠥᠯ ᠵᠦᠢᠯ ᠢ ᠰᠢᠨᠵᠢᠯᠡᠨ ᠪᠠᠶᠢᠴᠠᠭᠠᠬᠤ ᠳᠠᠭᠠᠨ᠂ ᠱᠢ ᠲᠠᠢ ᠹᠧᠩ ᠠᠵᠤ

ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠤᠯᠠ ᠶᠢᠨ ᠬᠠᠷᠠᠴᠠ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠵᠦ᠂ ᠡᠯ᠎ᠡ ᠱᠠᠲᠤᠨ ᠤ ᠬᠢᠨ ᠨᠠᠩ ᠣᠯᠠᠨ

ᠡᠶᠢᠮᠦᠷᠬᠦᠦ ᠰᠠᠶᠢᠨ‌‍ᠲ᠋ᠥ᠋ᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠨᠠᠩ ᠣᠯᠠᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠬᠦ ᠠᠵᠤ ᠦᠢᠯᠡᠰ

ᠪᠣᠯᠤᠨ ᠲᠤᠰᠬᠠᠶ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠦᠴᠦᠯᠡᠨ

ᠠᠬᠢᠭᠤᠯᠵᠤ᠂ ︽ᠴᠠᠬᠢᠯᠭᠠᠨ ᠤ ᠡᠬᠢ ᠰᠤᠷᠪᠤᠯᠵᠢ᠂ ᠴᠠᠬᠢᠯᠭᠠᠨ ᠲᠤᠤᠷ᠂ ᠳᠠᠭᠠᠭᠠᠴᠠ᠂ ᠡᠨᠧᠷᠭᠢ ᠶᠢᠨ ᠨᠦᠬᠡᠴᠡ︾ ᠶᠢ ᠬᠠᠮᠤᠷᠤᠭᠰᠠᠨ ᠡᠨᠧᠷᠭᠢ ᠶᠢᠨ ᠠᠵᠤ

ᠦᠢᠯᠡᠰ ᠤᠨ ᠬᠡᠯᠬᠢᠶ᠎ᠡ ᠶᠢᠨ ᠠᠮᠢ ᠠᠬᠤᠶ ᠶᠢᠨ ᠲᠣᠭᠤᠷᠢᠭ ᠢ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠱᠢ ᠲᠠᠢ ᠹᠧᠩ ᠪᠠᠰᠠ ᠤᠯᠠᠭᠠᠨᠬᠠᠳᠠ ᠶᠢᠨ ᠳ᠋ᠦᠩ

ᠷᠦᠩ ᠢᠮᠠᠭᠠᠨ ᠨᠤᠤᠯᠤᠭᠤᠷ ᠤᠨ ᠬᠥᠭᠵᠢᠯᠲᠡ ᠶᠢᠨ ᠪᠦᠯᠦᠭᠯᠡᠯ᠂ ᠤᠯᠠᠭᠠᠨᠬᠠᠳᠠ ᠶᠢᠨ ᠡᠮ ᠦᠢᠯᠡᠳᠬᠦ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ

ᠰᠢᠨᠵᠢᠯᠡᠨ ᠪᠠᠶᠢᠴᠠᠭᠠᠵᠤ᠂ ᠰᠢᠨ᠎ᠡ ᠶᠢ ᠡᠭᠦᠳᠬᠦ ᠢᠯᠠᠩᠭᠤᠶ᠎ᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠡᠩ ᠴᠢᠬᠤᠯᠠᠴᠢᠯᠠᠵᠤ᠂ ᠤᠯᠠᠮᠵᠢᠯᠠᠯᠲᠤ ᠤᠨᠴᠠᠯᠢᠬᠳᠤ ᠠᠵᠤ

ᠦᠢᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃

5.jpg

6.jpg

7.jpg

8.jpg

      ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠣᠯ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠪᠠᠲᠤᠯᠠᠭ᠎ᠠ ᠮᠥᠨ᠃ ᠵᠢᠤ

ᠫᠧᠩ ᠡᠮ ᠦᠢᠯᠡᠳᠬᠦ ᠺᠣᠮᠫᠠᠨᠢ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠦᠢᠯᠡᠳᠪᠦᠷᠢᠯᠡᠯ ᠤᠨ ᠰᠠᠭᠤᠷᠢᠨ ᠤ ᠲᠦᠷᠦᠯ ᠵᠦᠢᠯ ᠪᠣᠯᠤᠨ ᠵᠦᠩ ᠬᠤᠢ ᠡᠮ ᠤᠨ

ᠦᠢᠯᠡᠰ ᠤᠨ ᠲᠦᠭᠦᠬᠡᠢ ᠮᠠᠲ᠋ᠧᠷᠢᠶᠠᠯ ᠤᠨ ᠡᠮ ᠤᠨ ᠦᠢᠯᠡᠳᠪᠦᠷᠢᠯᠡᠯ ᠤᠨ ᠰᠠᠭᠤᠷᠢᠨ ᠤ ᠲᠦᠷᠦᠯ ᠵᠦᠢᠯ ᠲᠦᠷᠭᠡᠨ ᠨᠠᠶᠢᠳᠠᠪᠤᠷᠢᠵᠢᠵᠤ᠂ ᠤᠷᠤᠭᠰᠢᠲᠠᠢ ᠠᠬᠢᠵᠤ᠂ ᠠᠵᠤ

ᠠᠬᠤᠶᠢᠯᠠᠯ ᠲᠤᠬᠠᠢ ᠶᠢᠨ ᠭᠠᠵᠠᠷ ᠲᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠰᠡᠳᠬᠢᠯ ᠬᠠᠨᠤᠮᠵᠢᠲᠠᠢ ᠪᠠᠶᠢᠬᠤ ᠶᠢ ᠤᠢᠢᠯᠠᠭᠠᠭᠠᠳ ᠱᠢ ᠲᠠᠢ ᠹᠧᠩ᠂ ᠨᠢᠭᠡ

ᠭᠠᠵᠠᠷ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠰᠠᠶᠢᠨ ᠮᠠᠭᠤ ᠶᠢ ᠵᠠᠰᠠᠭ ᠤᠨ ᠣᠷᠳᠣᠨ ᠬᠡᠯᠡᠭᠡᠳ ᠪᠤᠯᠬᠤ ᠪᠢᠰᠢ᠂ ᠬᠠᠮᠤᠭ ᠤᠨ ᠢᠲᠡᠭᠡᠭᠦᠯᠬᠦ

ᠬᠦᠴᠦᠨ ᠲᠠᠢ ᠨᠢ ᠠᠵᠤ ᠠᠬᠤᠶᠢᠯᠠᠯ ᠢᠷᠡᠬᠦ ᠳᠤᠷᠠᠲᠠᠢ ᠡᠰᠡᠬᠦ᠂ ᠲᠦᠷᠦᠯ ᠵᠦᠢᠯ ᠤᠨ ᠠᠬᠢᠴᠠ ᠲᠦᠷᠭᠡᠨ ᠡᠰᠡᠬᠦ ᠳᠤ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ

ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠤᠯᠠᠮ ᠴᠢᠨᠠᠭᠰᠢᠳᠠ ᠰᠠᠶᠢᠲᠤᠷ ᠠᠳᠬᠤᠵᠤ᠂ ᠡᠯ᠎ᠡ ᠲᠥᠷᠥᠯ ᠤᠨ

ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠦᠨᠡᠨ ᠬᠦ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠤᠨ ᠪᠣᠳᠠᠲᠠᠶ ᠬᠦᠴᠢᠷᠳᠡᠯ ᠪᠠ

ᠠᠰᠠᠭᠤᠳᠠᠯ ᠢ ᠨᠢ ᠢᠳᠡᠪᠬᠢᠳᠠᠢ ᠰᠠᠨᠠᠭᠠᠴᠢᠯᠠᠭ᠎ᠠ ᠠᠴᠠ ᠰᠢᠢᠳᠪᠦᠷᠢᠯᠡᠨ ᠥᠭᠴᠦ᠂ ᠠᠵᠤ ᠠᠬᠤᠶᠢᠯᠠᠯ ᠢ ᠦᠨᠡᠨ ᠬᠦ ᠰᠠᠨᠠᠭ᠎ᠠ ᠠᠮᠤᠷ᠂ ᠰᠡᠳᠬᠢᠯ ᠠᠮᠤᠷ ᠠᠵᠢᠯᠯᠠᠭᠤᠯᠬᠤ

ᠬᠡᠷᠡᠭᠲᠡᠶ ᠭᠡᠵᠤ ᠵᠢᠭᠠᠵᠤ ᠭᠠᠷᠭᠠᠪᠠ᠃ ᠪᠠᠶᠢᠴᠠᠭᠠᠨ ᠰᠤᠳᠤᠯᠤᠯᠲᠠ ᠶᠢᠨ ᠳᠤᠮᠳᠠ ᠵᠠᠷᠢᠮ ᠲᠥᠷᠥᠯ ᠵᠦᠢᠯ ᠤᠨ ᠠᠬᠢᠴᠠ ᠤᠳᠠᠭᠠᠨ ᠪᠠᠶᠢᠬᠤ ᠶᠢ ᠣᠶᠢᠯᠠᠭᠠᠵᠤ᠂ ᠱᠢ ᠲᠠᠢ

ᠹᠧᠩ ᠴᠤᠬᠤᠮ ᠬᠠᠮᠢᠭ᠎ᠠ ᠲᠤᠷᠴᠤ ᠲᠦᠭᠵᠢᠷᠡᠭᠰᠡᠨ᠂ ᠴᠤᠬᠤᠮ ᠶᠠᠮᠠᠷ ᠰᠢᠯᠲᠠᠭᠠᠨ ᠠᠴᠠ ᠪᠣᠯᠤᠭᠰᠠᠨ ᠲᠤᠬᠠᠢ ᠰᠢᠯᠲᠠᠭᠠᠨ ᠢ ᠨᠢ ᠭᠦᠨᠵᠡᠭᠡᠶ ᠤᠬᠤᠴᠢᠯᠠᠨ ᠠᠰᠠᠭᠤᠵᠠᠢ᠂

ᠲᠡᠷᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠷᠳᠡᠯᠡᠬᠦ ᠠᠴᠠ ᠪᠢᠰᠢ ᠤᠷᠦ᠋ᠢᠳᠠᠭᠤᠯᠵᠤ ᠪᠤᠯᠬᠤ ᠦᠭᠡᠢ᠂ ᠲᠦᠷᠭᠡᠯᠡᠬᠦ ᠠᠴᠠ ᠪᠢᠰᠢ ᠤᠳᠠᠭᠠᠰᠢᠷᠠᠭᠤᠯᠵᠤ

ᠪᠤᠯᠬᠤ ᠦᠭᠡᠢ᠂ ᠡᠷᠬᠡᠪᠰᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠢᠯᠠᠩᠭᠤᠶ᠎ᠠ ᠠᠰᠠᠭᠤᠳᠠᠯ ᠢᠶᠠᠷ

ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤᠮᠳᠠᠬᠢ ᠲᠦᠭᠵᠢᠷᠡᠯ᠂ ᠬᠦᠴᠢᠷᠳᠡᠯ ᠢ ᠠᠷᠢᠯᠭᠠᠵᠤ᠂ ᠡᠷᠲᠡ

ᠳᠠᠭᠤᠰᠬᠠᠨ᠂ ᠡᠷᠲᠡ ᠡᠵᠡᠩᠨᠡᠵᠦ᠂ ᠡᠷᠲᠡ ᠠᠰᠢᠭ ᠭᠥᠷᠳᠡᠬᠦ ᠪᠠᠷ ᠴᠢᠷᠮᠠᠶᠢᠬᠤ ᠬᠡᠷᠡᠭᠲᠡᠶ ᠭᠡᠵᠤ ᠴᠢᠬᠤᠯᠠᠴᠢᠯᠠᠵᠠᠢ᠃ ᠱᠢ ᠲᠠᠢ ᠹᠧᠩ ᠲᠦᠩᠯᠢᠶᠣᠤ ᠬᠤᠲᠠ ᠶᠢᠨ

ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠣᠩᠨᠢᠭᠤᠳ ᠬᠤᠰᠢᠭᠤᠨ ᠤ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠲᠥᠪ ᠲᠤ ᠬᠦᠷᠴᠦ᠂ ᠠᠵᠢᠯᠲᠠᠨ ᠪᠣᠯᠤᠨ ᠤᠴᠢᠷ ᠶᠠᠪᠤᠳᠠᠯ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠲᠠᠢ

ᠰᠠᠨᠠᠯ ᠢᠶᠠᠨ ᠭᠦᠨᠵᠡᠭᠡᠶ ᠰᠣᠯᠢᠯᠴᠠᠵᠤ᠂ ︽ᠨᠢᠭᠡ ᠰᠦᠯᠵᠢᠶ᠎ᠡ ᠪᠠᠷ ᠭᠦᠢᠴᠡᠳᠬᠡᠬᠦ︾᠂ ︽ᠠᠯᠠᠭᠠᠨ ᠳᠡᠭᠡᠷ᠎ᠡ ᠭᠦᠢᠴᠡᠳᠬᠡᠬᠦ︾᠂ ︽ᠨᠢᠭᠡ ᠯᠡ ᠤᠳᠠᠭ᠎ᠠ ᠳᠤ

ᠭᠦᠢᠴᠡᠳᠬᠡᠬᠦ︾᠂ ︽ᠲᠠᠨ ᠳᠤ ᠬᠠᠪᠰᠤᠷᠤᠨ ᠭᠦᠢᠴᠡᠳᠬᠡᠬᠦ︾ ᠶᠢ ᠠᠬᠢᠭᠤᠯᠤᠭᠰᠠᠨ ᠪᠠᠶᠢᠳᠠᠯ ᠢ ᠭᠦᠨᠵᠡᠭᠡᠶ ᠣᠶᠢᠯᠠᠭᠠᠵᠤ᠂ ᠠᠵᠢᠯ ᠤᠨ ᠭᠤᠭᠴᠤᠭ᠎ᠠ ᠳᠠᠬᠢ ᠬᠦᠷᠦᠯᠴᠡᠬᠦ

ᠥᠬᠡᠶ ᠲᠠᠯ᠎ᠠ ᠶᠢ ᠪᠠᠶᠢᠴᠠᠭᠠᠵᠤ᠂ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠮᠡᠳᠡᠭᠡ ᠵᠠᠩᠭᠢ ᠶᠢ ᠭᠦᠢᠴᠡᠳ ᠬᠠᠮᠲᠤ ᠪᠠᠷ

ᠡᠳ᠋ᠯᠡᠭᠰᠡᠨ ᠥᠬᠡᠶ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠳᠥᠭᠦᠮ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠱᠢ ᠲᠠᠢ

ᠹᠧᠩ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠣᠯᠠᠨ ᠲᠦᠮᠡᠨ ᠤ ᠵᠣᠭᠰᠣᠴᠠ ᠠᠴᠠ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠵᠤ᠂ ᠶᠠᠪᠤᠴᠠ ᠶᠢ

ᠵᠢᠷᠤᠭᠯᠠᠨ ᠲᠥᠯᠥᠪᠯᠡᠵᠦ᠂ ᠲᠤᠭ᠎ᠠ ᠪᠠᠷᠢᠮᠲᠠ ᠶᠢ ᠢᠯᠡᠭᠦᠬᠡᠨ ᠶᠠᠪᠤᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠣᠯᠠᠨ ᠢ ᠠᠵᠢᠯ ᠶᠠᠪᠤᠳᠠᠯ ᠭᠦᠢᠴᠡᠳᠬᠡᠬᠦ ᠳᠤ

ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠪᠣᠯᠭᠠᠬᠤ ᠬᠡᠷᠡᠭᠲᠡᠶ᠃ ᠵᠣᠷᠢᠭ ᠰᠢᠭᠤᠳᠤᠨ ᠮᠡᠳᠡᠭᠡ ᠵᠠᠩᠭᠢ ᠶᠢᠨ ᠥᠨᠥᠴᠢᠨ ᠠᠷᠠᠯ ᠪᠣᠯᠤᠨ ᠲᠤᠭ᠎ᠠ

ᠪᠠᠷᠢᠮᠲᠠ ᠶᠢᠨ ᠪᠠᠬᠢᠯᠡᠯᠲᠡ ᠶᠢ ᠨᠡᠪᠲᠡᠷᠡᠭᠦᠯᠵᠦ᠂ ᠬᠤᠯᠪᠣᠯᠳᠤᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠦᠨᠡᠨ ᠬᠦ ᠤᠴᠢᠷ

ᠶᠠᠪᠤᠳᠠᠯ ᠭᠦᠢᠴᠡᠳᠬᠡᠭᠴᠢ ᠶᠢ ᠨᠢᠭᠡ ᠯᠡ ᠤᠳᠠᠭ᠎ᠠ ᠳᠡᠭᠡᠷ᠎ᠡ ᠪᠦᠬᠦᠨ ᠢ ᠰᠦᠯᠵᠢᠶᠡᠨ ᠳᠡᠭᠡᠷ᠎ᠡ ᠰᠢᠢᠳᠪᠦᠷᠢᠯᠡᠵᠦ ᠳᠡᠶᠢᠯᠬᠦ ᠪᠣᠯᠭᠠᠬᠤ ᠬᠡᠷᠡᠭᠲᠡᠢ᠃ ︽ᠠᠵᠤ ᠠᠬᠤᠶᠢᠯᠠᠯ ᠤᠨ

ᠬᠢᠨᠠᠨ ᠵᠥᠪᠰᠢᠶᠡᠷᠡᠬᠦ ᠭᠤᠭᠴᠤᠭ᠎ᠠ ᠪᠦᠬᠦᠨ ᠢ ᠴᠥᠮ ᠣᠷᠣᠭᠤᠯᠤᠭᠰᠠᠨ ᠦᠦ︖ ᠭᠤᠭᠴᠤᠭ᠎ᠠ ᠨᠢᠭᠡ ᠪᠦᠷᠢ ᠶᠢᠨ ᠬᠤᠭᠤᠷᠣᠨᠳᠣ ᠴᠥᠮ ᠨᠡᠪᠲᠡᠷᠡᠭᠰᠡᠨ ᠦᠦ︖︾᠂       

︽ᠠᠵᠤ ᠠᠬᠤᠶᠢᠯᠠᠯ ᠤᠨ ᠬᠢᠨ ᠡᠵᠡᠩᠨᠡᠯᠲᠡ ᠶᠢᠨ ᠦᠨᠡᠮᠯᠡᠯ ᠭᠦᠢᠴᠡᠳᠬᠡᠬᠦ ᠳᠤ ᠬᠡᠳᠦᠶ ᠴᠠᠭ ᠬᠡᠷᠡᠭᠰᠡᠬᠦ ᠪᠣᠶ᠂ ᠲᠠᠮᠠᠭ᠎ᠠ ᠰᠡᠶᠢᠯᠬᠦ ᠳᠤ ᠰᠦᠢᠳᠭᠡᠯ

ᠬᠤᠷᠢᠶᠠᠵᠤ ᠪᠠᠶᠢᠨ᠎ᠠ ᠤᠤ︖︾ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠴᠤᠩᠬᠤᠪᠴᠢ ᠪᠣᠯᠤᠨ ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ

ᠲᠤᠰᠬᠠᠶ ᠴᠣᠩᠬᠤᠪᠴᠢ ᠳᠤ᠂ ᠱᠢ ᠲᠠᠢ ᠹᠧᠩ ᠠᠵᠤ ᠠᠬᠤᠶᠢᠯᠠᠯ ᠪᠣᠯᠤᠨ ᠣᠯᠠᠨ ᠲᠦᠮᠡᠨ ᠤ ᠪᠠᠶᠢᠳᠠᠯ ᠢ ᠨᠠᠷᠢᠨ ᠠᠰᠠᠭᠤᠨ ᠣᠶᠢᠯᠠᠭᠠᠵᠤ᠂ ᠠᠵᠢᠯ ᠤᠨ ᠳᠤᠮᠳᠠ

ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠲᠥᠪ ᠴᠢᠩᠭ᠎ᠠ ᠪᠠᠷ ᠵᠢᠭᠠᠨ ᠭᠠᠷᠭᠠᠵᠤ᠂ ᠡᠯ᠎ᠡ ᠲᠥᠷᠥᠯ ᠤᠨ ᠠᠰᠠᠭᠤᠳᠠᠯ ᠢ ᠡᠷᠡᠰ ᠬᠦᠴᠦᠲᠡᠶ ᠴᠡᠭᠴᠡᠯᠡᠨ

ᠰᠠᠶᠢᠵᠢᠷᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ︽ᠲᠠᠯᠪᠢᠬᠤ ᠬᠠᠮᠢᠶᠠᠷᠬᠤ

ᠦᠢᠯᠡᠴᠢᠯᠡᠭᠦ︾ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠢᠨᠠᠨ ᠵᠥᠪᠰᠢᠶᠡᠷᠡᠬᠦ ᠦᠷ᠎ᠡ

ᠪᠦᠲᠦᠮᠵᠢ ᠪᠠᠨ ᠳᠡᠭᠡᠭᠰᠢᠯᠡᠭᠦᠯᠵᠦ᠂ ᠦᠨᠡᠨ ᠰᠡᠳᠬᠢᠯ ᠠᠴᠠ ᠪᠠᠨ ᠡᠯ᠎ᠡ ᠵᠦᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠢᠨᠠᠨ ᠵᠥᠪᠰᠢᠶᠡᠷᠡᠬᠦ

ᠠᠵᠢᠯ ᠤᠳᠠᠭᠠᠨ ᠠᠴᠠ ᠪᠣᠯᠵᠣ ᠴᠢᠬᠤᠯᠠ ᠶᠡᠭᠡ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠤ ᠲᠡᠶᠢᠯᠬᠦ ᠦᠬᠡᠢ ᠤᠳᠠᠭᠠᠰᠢᠷᠠᠭᠤᠯᠬᠤ ᠠᠰᠠᠭᠤᠳᠠᠯ ᠢ ᠳᠠᠭᠢᠵᠤ

ᠶᠠᠭᠠᠬᠢᠭᠰᠠᠨ ᠴᠤ ᠭᠠᠷᠭᠠᠵᠤ ᠪᠣᠯᠬᠤ ᠥᠬᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ

ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠦᠨᠡᠨ ᠬᠦ ᠲᠥᠬᠦᠮ ᠦᠵᠡᠭᠦᠯᠵᠦ᠂ ᠬᠡᠯᠪᠡᠷᠢ ᠶᠢᠨ ᠲᠡᠳᠦᠢ ᠬᠢᠬᠦ ᠶᠢ

ᠡᠷᠡᠰ ᠬᠤᠷᠢᠬᠯᠠᠬᠤ ᠬᠡᠷᠡᠭᠲᠡᠶ᠃ ᠡᠯ᠎ᠡ ᠭᠠᠵᠠᠷ ᠤᠨ ᠬᠢᠨ ᠤᠯᠤᠰ ᠲᠥᠷᠥ ᠶᠢᠨ ᠠᠮᠢ ᠠᠬᠤᠶ ᠶᠢᠨ ᠠᠰᠠᠭᠤᠳᠠᠯ ᠠᠴᠠ ᠪᠣᠯᠤᠭᠰᠠᠨ ᠬᠤᠳᠠᠯᠳᠤᠭ᠎ᠠ ᠡᠷᠬᠢᠯᠡᠬᠦ ᠣᠷᠴᠢᠨ

ᠨᠥᠬᠦᠴᠡᠯ ᠳᠤ ᠦᠵᠡᠭᠦᠯᠬᠦ ᠬᠦᠨᠳᠦ ᠨᠣᠴᠢᠲᠠᠶ ᠨᠥᠯᠥᠭᠡ ᠶᠢ ᠭᠦᠨᠵᠡᠭᠡᠶ ᠲᠠᠨᠢᠵᠤ᠂ ᠦᠷᠭᠦᠯᠵᠢᠯᠡᠨ ᠶᠡᠭᠡ ᠬᠦᠴᠦ ᠣᠷᠣᠭᠤᠯᠤᠨ ᠰᠤᠷᠲᠠᠯ ᠤᠨ ᠠᠷᠬᠠᠭ ᠬᠡᠮ ᠢ

ᠵᠠᠯᠠᠷᠠᠭᠤᠯᠵᠤ᠂ ᠢᠯᠵᠠᠷᠠᠯ ᠤᠨ ᠠᠷᠬᠠᠭ ᠬᠡᠮ ᠢ ᠵᠠᠯᠬᠠᠭᠠᠨ ᠰᠢᠢᠳᠬᠡᠵᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠵᠦ᠂ ᠰᠠᠶᠢᠨ ᠰᠠᠶᠢᠬᠠᠨ ᠬᠥᠭᠵᠢᠯᠲᠡ ᠶᠢᠨ

ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠬᠡᠵᠤ ᠴᠢᠬᠤᠯᠠᠴᠢᠯᠠᠪᠠ᠃

9.jpg

10.jpg

      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠪᠣᠯ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯᠤᠨ᠎ᠠ᠃ ᠱᠢ ᠲᠠᠢ ᠹᠧᠩ ᠤᠷᠢᠳ

ᠬᠤᠵᠢᠳ ᠵᠢᠶᠦ᠋ᠨ ᠬᠤᠶ ᠮᠠᠯ ᠲᠡᠵᠢᠭᠡᠪᠦᠷᠢ ᠶᠢᠨ ᠲᠤᠰᠬᠠᠶ ᠬᠤᠷᠰᠢᠶ᠎ᠠ᠂ ᠹᠦ᠋ ᠵᠣᠣ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ᠂ ᠱᠧᠩ

ᠴᠢᠤᠸᠠᠨ ᠠᠮᠢ ᠠᠬᠤᠶ ᠶᠢᠨ ᠮᠠᠯ ᠠᠵᠤ ᠠᠬᠤᠶ ᠶᠢᠨ ᠺᠣᠮᠫᠠᠨᠢ ᠳᠤ ᠬᠦᠷᠴᠦ ᠲᠡᠵᠢᠭᠡᠨ ᠦᠷᠡᠵᠢᠭᠦᠯᠬᠦ ᠦᠢᠯᠡᠰ ᠤᠨ ᠦᠢᠯᠡᠳᠪᠦᠷᠢᠯᠡᠯ ᠡᠵᠡᠩᠨᠡᠯᠲᠡ᠂ ᠲᠠᠷᠢᠶᠠᠴᠢᠨ ᠪᠠ

ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠵᠤ᠂ ᠦᠬᠡᠷ ᠲᠡᠵᠢᠭᠡᠬᠦ ᠡᠷᠦᠬᠡ ᠱᠤᠸᠠᠩ ᠶᠢᠨ

ᠯᠦᠩ ᠤᠨ ᠬᠡᠷ ᠲᠤ ᠭᠦᠨᠵᠡᠭᠡᠶᠢᠷᠡᠨ ᠬᠡᠷ ᠪᠦᠯᠢ ᠶᠢᠨ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠵᠠᠭᠪᠤᠷ ᠤᠨ ᠠᠵᠢᠯᠯᠠᠭᠠᠨ ᠤ ᠪᠠᠶᠢᠳᠠᠯ ᠢ ᠣᠶᠢᠯᠠᠭᠠᠪᠠ᠃ ᠲᠡᠷᠡ᠂

ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠤᠤᠯᠯᠠᠬᠤ ᠠᠵᠤ ᠦᠢᠯᠡᠰ ᠢ ᠣᠨᠣᠪᠴᠢᠲᠠᠶ ᠰᠣᠩᠭᠤᠵᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠪᠠ

ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ

ᠠᠬᠢᠭᠤᠯᠬᠤ ᠬᠡᠷᠡᠭᠲᠡᠶ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠯᠬᠤᠴᠠ ᠶᠢ ᠲᠦᠷᠭᠡᠳᠬᠡᠨ᠂ ᠳᠠᠭᠠᠭᠤᠯᠤᠭᠴᠢ ᠠᠵᠤ

ᠠᠬᠤᠶᠢᠯᠠᠯ ᠤᠨ ᠳᠠᠶᠢᠴᠢᠯᠠᠬᠤ ᠦᠢᠯᠡᠳᠦᠯ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢᠲᠠᠨ ᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂

ᠠᠵᠤ ᠦᠢᠯᠡᠰ ᠤᠨ ᠬᠡᠪᠴᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠲᠠᠷᠢᠮᠠᠯ ᠲᠡᠵᠢᠭᠡᠪᠦᠷᠢ ᠶᠢᠨ ᠦᠢᠯᠡᠰ ᠤᠨ ᠵᠣᠬᠢᠶᠠᠨ ᠪᠠᠶᠢᠭᠤᠯᠤᠯᠴᠠᠬᠤ᠂ ᠬᠡᠪᠴᠢᠶᠡᠵᠢᠭᠦ᠂

ᠲᠤᠰᠬᠠᠶᠢᠵᠢᠬᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠪᠦᠬᠦ

ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠪᠡᠰᠦ

ᠪᠣᠷᠳᠤᠭ᠎ᠠ᠂ ᠪᠣᠷᠳᠣᠨ ᠲᠠᠷᠭᠤᠯᠠᠭᠤᠯᠬᠤ᠂ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠡᠯ᠎ᠡ ᠭᠤᠭᠴᠤᠭ᠎ᠠ ᠶᠢᠨ ᠳᠤᠲᠠᠭᠤᠳᠠᠯ ᠢ ᠨᠥᠬᠦᠪᠥᠷᠢᠯᠡᠵᠦ᠂ ᠪᠦᠳᠦᠭᠡᠭᠳᠡᠭᠦᠨ ᠤ

ᠶᠠᠰᠤ ᠴᠢᠨᠠᠷ ᠪᠣᠯᠤᠨ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠰᠠᠶᠢᠨ ᠪᠦᠳᠦᠭᠡᠭᠳᠡᠭᠦᠨ ᠢ ᠰᠠᠶᠢᠨ ᠦᠨ᠎ᠡ ᠳᠤ ᠬᠦᠷᠭᠡᠬᠦ ᠬᠡᠷᠡᠭᠲᠡᠢ ᠬᠡᠵᠤ ᠴᠢᠬᠤᠯᠠᠴᠢᠯᠠᠪᠠ᠃

11.jpg

12.jpg

13.jpg

      ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠢᠶᠠᠷ᠂ ᠱᠢ ᠲᠠᠢ ᠹᠧᠩ ᠮᠤᠷᠤᠢ ᠶᠢᠨ ᠰᠦᠮ᠎ᠡ ᠰᠤᠮᠤ ᠶᠢᠨ ᠦᠨᠳᠦᠰᠦᠲᠡᠨ ᠤ

ᠰᠤᠷᠭᠠᠭᠤᠯᠢ ᠪᠣᠯᠤᠨ ᠴᠢᠪᠠᠭ᠎ᠠ ᠪᠠᠯᠭᠠᠰᠤᠨ ᠤ ᠬᠠᠨ ᠠᠭᠤᠯᠠ ᠪᠠᠭ᠎ᠠ ᠰᠤᠷᠭᠠᠭᠤᠯᠢ ᠳᠤ ᠬᠦᠷᠴᠦ᠂ ᠪᠠᠭᠰᠢ ᠰᠤᠷᠤᠭᠴᠢᠳ ᠲᠠᠢ ᠳᠣᠲᠣᠨᠣ ᠪᠠᠷ ᠶᠠᠷᠢᠯᠴᠠᠵᠤ᠂

ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠪᠠ᠃ ᠱᠢ ᠲᠠᠢ ᠹᠧᠩ᠂

ᠬᠡᠦᠬᠡᠳ ᠪᠣᠯ ᠡᠬᠡ ᠤᠯᠤᠰ ᠤᠨ ᠴᠡᠴᠡᠭᠡᠰ᠂ ᠦᠨᠳᠦᠰᠦᠲᠡᠨ ᠤ ᠢᠷᠡᠭᠡᠳᠦᠶ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠡᠳᠦᠶ ᠡᠷᠲᠡ

ᠰᠤᠷᠪᠠᠯ ᠲᠡᠳᠦᠶ ᠰᠠᠶᠢᠨ᠂ ᠬᠡᠦᠬᠡᠳ ᠤᠳ ᠢᠷᠡᠭᠡᠳᠦᠶ ᠳᠤ ᠨᠠᠩ ᠣᠯᠠᠨ ᠬᠥᠭᠵᠢᠯᠲᠡ ᠶᠢᠨ ᠠᠵᠠ ᠲᠣᠬᠢᠶᠠᠯ᠂ ᠨᠠᠩ ᠰᠠᠶᠢᠨ ᠬᠥᠭᠵᠢᠯᠲᠡ ᠶᠢᠨ ᠢᠷᠡᠭᠡᠳᠦᠶ ᠲᠠᠢ

ᠪᠣᠯᠤᠨ᠎ᠠ᠃ ᠲᠡᠷᠡ᠂ ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ

ᠠᠬᠢᠭᠤᠯᠬᠤ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠴᠢᠬᠤᠯᠠ ᠠᠴᠢᠶᠠᠯᠠᠪᠤᠷᠢ ᠪᠣᠯᠤᠨ᠎ᠠ᠃ ᠬᠡᠦᠬᠡᠳ ᠪᠠᠭᠠᠴᠤᠳ ᠠᠴᠠ ᠡᠬᠢᠯᠡᠨ

ᠠᠳᠬᠤᠬᠤ ᠶᠢ ᠪᠠᠷᠢᠮᠲᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ

ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠨᠦᠭᠦᠳ ᠤᠨ

ᠤᠯᠠᠨ ᠲᠦᠮᠡᠨ ᠳᠤ ᠰᠢᠨᠵᠢᠯᠡᠬᠦ ᠤᠬᠠᠭᠠᠨ ᠰᠣᠶᠣᠯ ᠮᠡᠳᠡᠯᠭᠡ ᠶᠢ ᠨᠡᠩ ᠰᠠᠶᠢᠨ ᠬᠦᠷᠲᠡᠭᠡᠵᠦ᠂ ᠠᠵᠢᠯ ᠣᠯᠭᠤᠬᠤ ᠴᠢᠳᠠᠪᠤᠷᠢ ᠶᠢ ᠲᠡᠭᠡᠭᠰᠢᠯᠡᠬᠦᠯᠬᠦ ᠪᠠ ᠤᠳᠤ ᠦᠶ᠎ᠡ ᠶᠢᠨ

ᠨᠡᠶᠢᠭᠡᠮ ᠳᠤ ᠠᠭᠤᠰᠤᠯᠴᠠᠭᠤᠯᠬᠤ ᠬᠡᠷᠡᠭᠲᠡᠢ᠃ ᠬᠡᠯᠡ ᠪᠢᠴᠢᠭ ᠤᠨ ᠵᠢᠭᠠᠨ ᠰᠤᠳᠤᠯᠬᠤ ᠳᠤᠭᠤᠶᠢᠯᠠᠩ ᠪᠣᠯᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ

ᠵᠢᠭᠠᠨ ᠰᠤᠳᠤᠯᠬᠤ ᠳᠤᠭᠤᠶᠢᠯᠠᠩ ᠳᠤ᠂ ᠱᠢ ᠲᠠᠢ ᠹᠧᠩ ᠪᠠᠭᠰᠢ ᠨᠠᠷ ᠲᠠᠢ ᠭᠦᠨᠵᠡᠭᠡᠶ ᠶᠠᠷᠢᠯᠴᠠᠵᠠᠢ᠂ ᠲᠡᠷᠡ᠂ ᠪᠠᠭᠰᠢ ᠪᠤᠯᠤᠭᠰᠠᠳ ᠪᠢᠴᠢᠭ ᠵᠢᠭᠠᠵᠤ ᠬᠥᠮᠦᠨ

ᠬᠥᠮᠦᠵᠢᠭᠦᠯᠬᠦ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠤᠢ᠂ ᠰᠤᠷᠭᠠᠭᠤᠯᠢ ᠬᠢᠭᠡᠳ ᠬᠡᠷ ᠤᠨ ᠠᠬᠠᠮᠠᠳ ᠤᠨ ᠬᠤᠭᠤᠷᠣᠨᠳᠣᠬᠢ

ᠤᠢᠢᠯᠠᠭᠠᠯᠴᠠᠭ᠎ᠠ ᠶᠢᠨ ᠬᠥᠭᠦᠷᠭᠡ ᠮᠦᠨ᠂ ᠮᠠᠰᠢ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠤᠢ᠂ ᠣᠯᠠᠨ ᠢᠶᠠᠷ ᠢᠶᠠᠨ ᠥᠪᠡᠷ ᠤᠨ ᠡᠬᠦᠷᠬᠡᠯᠠᠵᠤ ᠪᠠᠶᠢᠭ᠎ᠠ ᠤᠯᠤᠰ

ᠠᠷᠠᠳ ᠤᠨ ᠰᠤᠷᠭᠠᠨ ᠬᠥᠮᠦᠵᠢᠯ ᠭᠡᠳᠡᠭ ᠢᠶᠠᠨ ᠪᠠᠲᠤ ᠴᠡᠭᠡᠵᠢᠯᠡᠵᠦ᠂ ︽ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ ᠬᠡᠷᠬᠢᠨ ᠬᠥᠮᠦᠵᠢᠭᠦᠯᠬᠦ᠂ ᠬᠡᠨ ᠤ ᠲᠥᠯᠥᠭᠡ

ᠬᠥᠮᠦᠨ ᠬᠥᠮᠦᠵᠢᠭᠦᠯᠬᠦ︾ ᠡᠨᠡ ᠬᠦ ᠦᠨᠳᠦᠰᠦᠨ ᠴᠢᠨᠠᠷᠲᠠᠶ ᠠᠰᠠᠭᠤᠳᠠᠯ ᠢ ᠦᠨᠡᠨ ᠬᠦ ᠨᠡᠪᠲᠡᠷᠬᠡᠶ ᠣᠶᠢᠯᠠᠭᠠᠵᠤ᠂ ᠰᠤᠷᠤᠭᠴᠢᠳ ᠤᠨ ᠰᠠᠶᠢᠨ ᠳᠠᠭᠠᠭᠤᠯᠤᠭᠴᠢ ᠪᠣᠯᠬᠤ

ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠢ ᠥᠷᠨᠢᠭᠦᠯᠵᠦ᠂ ᠬᠡᠦᠬᠡᠳ ᠤᠳ ᠢ

ᠬᠠᠷᠠᠬᠠᠨ ᠪᠠᠭ᠎ᠠ ᠠᠴᠠ ᠨᠢ ᠤᠯᠤᠰ ᠤᠨ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢᠵᠢᠯ ᠤᠨ ᠤᠬᠠᠮᠰᠠᠷ ᠢ ᠪᠠᠲᠤ ᠪᠤᠢ ᠪᠣᠯᠭᠠᠵᠤ᠂ ᠳᠤᠮᠳᠠᠳᠤ ᠤᠯᠤᠰ ᠢᠶᠠᠨ

ᠬᠠᠶᠢᠷᠠᠯᠠᠬᠤ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠳᠠᠷᠢᠬᠤ ᠬᠡᠷᠡᠭᠲᠡᠢ ᠬᠡᠵᠤ ᠬᠡᠯᠡᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ

ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ᠂

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠦᠩᠯᠢᠶᠣᠤ ᠬᠤᠳᠠ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠨ ᠳ᠋ᠦᠩ᠂

ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ