ᠸᠠᠩ ᠯᠢ ᠰᠢᠶᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠤᠯᠤᠰ ᠤᠨ ᠪᠠᠶᠢᠯᠳᠤᠬᠤ ᠪᠣᠳᠣᠯᠭ᠎ᠠ ᠳᠤ ᠦᠶᠯᠡᠴᠢᠯᠡᠬᠦ ᠳᠤᠮᠳᠠ ᠡᠮᠦᠨ᠎ᠡ ᠨᠢ ᠬᠤᠰᠢᠭᠤᠷᠠᠨ ᠦᠯᠢᠭᠡᠷ ᠳᠠᠭᠤᠷᠢᠶᠠᠯ ᠪᠣᠯᠵᠥ ᠣᠷᠣᠨ ᠨᠤᠲᠤᠭ ᠪᠠ ᠠᠵᠤ ᠠᠬᠤᠶᠢᠯᠠᠯ ᠭᠠᠷ ᠬᠤᠯᠪᠣᠨ ᠥᠪᠥᠷ ᠮᠣᠩᠭᠤᠯ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2021/9/22

      9 ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

      ᠬᠤᠷᠠᠯ ᠠᠴᠠ ᠡᠮᠦᠨ᠎ᠡ᠂ ᠸᠠᠩ ᠯᠢ ᠰᠢᠶᠠ ᠨᠠᠷ ᠤᠷᠢᠳ ᠬᠤᠵᠢᠳ ᠵᠦᠩ ᠭᠤᠸᠠᠩ ᠾᠧ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ︵ᠱᠧᠨᠵᠧᠨ︶᠎ ᠶᠢᠨ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠳᠤ ᠪᠠᠶᠢᠴᠠᠭᠠᠨ ᠰᠤᠳᠤᠯᠵᠠᠢ᠃ ᠬᠤᠷᠠᠯ ᠳᠡᠭᠡᠷ᠎ᠡ᠂ ᠤᠯᠤᠰ ᠤᠨ ᠥᠮᠴᠢᠯᠡᠯ ᠤᠨ 8 ᠠᠵᠤ ᠠᠬᠤᠶᠢᠯᠠᠯ ᠤᠨ ᠲᠥᠯᠥᠭᠡᠯᠡᠭᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠪᠥᠷ ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠳᠤᠭᠤᠷᠢᠨ ᠳᠤ ᠦᠭᠡ ᠬᠡᠯᠡᠪᠡ᠃

      ᠣᠯᠠᠨ ᠤ ᠬᠡᠯᠡᠬᠦ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠣᠯᠤᠭᠰᠠᠨ ᠠᠮᠵᠢᠯᠲᠠ ᠪᠦᠲᠦᠮᠵᠢ ᠪᠣᠯᠤᠨ ᠥᠪᠥᠷ ᠮᠣᠩᠭᠤᠯ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠶᠴᠡᠳ ᠨᠤᠲᠠᠯᠠᠵᠤ᠂ ᠥᠪᠥᠷ ᠮᠣᠩᠭᠤᠯ ᠪᠣᠯ ᠪᠢᠳᠡᠨ ᠤ ᠬᠠᠮᠲᠤ ᠶᠢᠨ ᠬᠡᠷ ᠣᠷᠣᠨ ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠪᠣᠯ ᠪᠢᠳᠡᠨ ᠤ ᠬᠠᠮᠲᠤ ᠶᠢᠨ ᠡᠭᠦᠷᠭᠡ ᠬᠠᠷᠢᠭᠤᠴᠠᠯᠭ᠎ᠠ ᠮᠥᠨ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠣᠯ ᠪᠢᠳᠡᠨ ᠤ ᠬᠠᠮᠲᠤ ᠶᠢᠨ ᠦᠶᠯᠡᠰ ᠮᠥᠨ᠃ ᠪᠦᠬᠦ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠯᠤᠭ᠎ᠠ ᠲᠠᠬᠢᠨ ᠪᠠᠷᠢᠮᠵᠢᠶᠠᠯᠠᠵᠤ᠂ ᠲᠠᠬᠢᠨ ᠬᠠᠷᠭᠤᠭᠤᠯᠵᠤ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠳᠤ ᠲᠠᠬᠢᠨ ᠠᠩᠬᠠᠷᠤᠯ ᠢᠶᠠᠨ ᠲᠥᠪᠯᠡᠷᠡᠭᠦᠯᠵᠦ᠂ ᠲᠠᠬᠢᠨ ᠬᠦᠴᠦ ᠪᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤᠮᠳᠠ ᠲᠠᠬᠢᠨ ᠨᠠᠷᠢᠨ ᠬᠢᠨᠠᠮᠠᠭᠠᠢ ᠤᠷᠤᠵᠥ᠂ ᠲᠠᠬᠢᠨ ᠬᠦᠴᠦᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠵᠦ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠪᠠᠨ ᠲᠠᠶᠢᠯᠪᠤᠷᠢᠯᠠᠬᠤ ᠬᠡᠷᠡᠭᠲᠡᠢ ᠬᠡᠵᠥ ᠴᠢᠬᠤᠯᠠᠴᠢᠯᠠᠪᠠ᠃

      ᠸᠠᠩ ᠯᠢ ᠰᠢᠶᠠ᠂ ᠭᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾᠎ ᠶᠢ ᠪᠠᠭᠲᠠᠭᠠᠵᠤ᠂ ᠰᠡᠳᠬᠢᠯ ᠵᠢᠷᠤᠬᠡᠨ ᠳᠡᠭᠡᠨ ︽ᠤᠯᠤᠰ ᠤᠨ ᠶᠡᠭᠡ ᠶᠠᠪᠤᠳᠠᠯ︾᠎ ᠢ ᠪᠤᠳᠤᠵᠥ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾᠎ ᠶᠢ ᠪᠦᠳᠦᠭᠡᠨ ᠪᠠᠶᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠠᠷᠭ᠎ᠠ ᠪᠤᠳᠤᠯᠭ᠎ᠠ ᠪᠠᠨ ᠣᠨᠣᠪᠴᠢᠲᠠᠢ ᠲᠣᠭᠲᠠᠭᠠᠵᠤ᠂ ᠬᠤᠪᠢᠷᠠᠯᠲᠠ ᠪᠠᠷ ᠬᠤᠪᠢᠷᠠᠯᠲᠠ ᠶᠢ ᠠᠷᠭᠠᠴᠠᠭᠠᠵᠤ᠂ ᠬᠥᠭᠵᠢᠯᠲᠡ ᠶᠢ ᠶᠡᠭᠡ ᠪᠠᠷ ᠠᠳᠬᠤᠵᠤ᠂ ᠠᠵᠤ ᠠᠬᠤᠢ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠶᠢᠨ ᠲᠠᠯ᠎ᠠ ᠪᠠᠷ ︽ᠰᠢᠪᠲᠤᠯᠤᠯᠲᠠ ᠭᠠᠷᠭᠠᠵᠥ︾᠂ ᠲᠥᠷᠥᠯ ᠵᠦᠶᠯ ᠤᠨ ᠲᠤᠯᠭᠠᠭᠤᠷᠢᠯᠠᠯ ᠤᠨ ᠲᠠᠯ᠎ᠠ ᠪᠠᠷ ︽ᠬᠦᠴᠦᠲᠡᠶ ᠠᠷᠭ᠎ᠠ ᠬᠡᠮᠵᠢᠶ᠎ᠡ ᠠᠪᠴᠤ︾᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠠᠯ᠎ᠠ ᠪᠠᠷ ︽ᠰᠢᠨ᠎ᠡ ᠵᠠᠮ ᠢ ᠰᠦᠪᠡᠭᠴᠢᠯᠡᠵᠦ︾᠂ ᠬᠥᠭᠵᠢᠯᠲᠡ ᠶᠢᠨ ︽ᠦᠨ᠎ᠡ ᠥᠷᠲᠡᠭ︾᠂ ︽ᠣᠶᠤᠨ ᠤᠬᠠᠭᠠᠨ︾᠂ ︽ᠪᠣᠬᠢᠷᠲᠤᠯ ᠥᠬᠡᠶ ᠶᠢᠨ ᠬᠡᠮᠵᠢᠶ᠎ᠡ︾᠂ ︽ᠰᠢᠨ᠎ᠡ ᠠᠭᠤᠯᠬᠤᠨ ᠤ ᠬᠡᠮᠵᠢᠶ᠎ᠡ︾᠎ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠲᠤᠳᠬᠠᠵᠤ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾᠎ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠪᠦᠬᠦ ᠲᠠᠯ᠎ᠠ ᠪᠠᠷ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠤ ᠬᠥᠭᠵᠢᠯᠲᠡ ᠶᠢ ᠲᠦᠷᠭᠡᠳᠬᠡᠨ ᠪᠡᠶᠡᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠠᠵᠤ ᠠᠬᠤᠢ ᠶᠢᠨ ᠲᠠᠩᠰᠠ ᠶᠢ ᠪᠤᠳᠤᠬᠤ ᠮᠥᠷᠲᠡᠭᠡᠨ ᠤᠯᠤᠰ ᠲᠦᠷᠦ ᠶᠢᠨ ᠲᠠᠩᠰᠠ᠂ ᠠᠷᠠᠳ ᠤᠨ ᠠᠮᠢᠳᠤᠷᠠᠯ ᠤᠨ ᠲᠠᠩᠰᠠ᠂ ᠨᠡᠶᠢᠭᠡᠮ ᠤᠨ ᠬᠠᠷᠢᠭᠤᠴᠠᠯᠭ᠎ᠠ ᠶᠢᠨ ᠲᠠᠩᠰᠠ ᠶᠢ ᠴᠤ ᠪᠤᠳᠤᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠠᠷᠠᠳ ᠤᠯᠠᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠰᠢᠬᠦᠷᠭᠡ ᠶᠢ ᠪᠠᠭᠤᠷᠠᠭᠤᠯᠤᠨ᠂ ᠥᠷᠢ ᠥᠭᠴᠡᠭᠡ ᠶᠢ ᠪᠠᠭᠠᠰᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ᠂ ᠢᠯᠵᠠᠷᠠᠯ ᠤᠨ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠥᠪᠴᠢ ᠶᠢ ᠴᠠᠭ ᠢᠮᠠᠭᠲᠠ ᠴᠢᠩᠳᠠᠯᠠᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠲᠦᠷᠦ ᠶᠢᠨ ᠠᠮᠢ ᠠᠬᠤᠢ ᠶᠢᠨ ︽ᠬᠥᠬᠡᠮᠳᠦᠭ ᠨᠣᠭᠤᠭᠠᠨ ᠠᠭᠤᠯᠠ ᠤᠰᠤ︾᠎ ᠶᠢ ᠡᠷᠡᠰ ᠰᠠᠶᠢᠲᠤᠷ ᠰᠠᠬᠢᠨ ᠬᠠᠮᠠᠭᠠᠯᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠬᠡᠵᠥ ᠴᠢᠬᠤᠯᠠᠴᠢᠯᠠᠪᠠ᠃

      ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠵᠤ ᠠᠬᠤᠶᠢᠯᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠳᠡᠮᠵᠢᠵᠦ᠂ ᠠᠵᠢᠯ ᠶᠠᠪᠤᠳᠠᠯ ᠭᠦᠶᠴᠡᠳᠬᠡᠬᠦ ᠲᠠᠰ ᠳᠠᠷᠠᠭᠠᠯᠠᠯ ᠢ ᠳᠥᠭᠦᠮᠴᠢᠯᠡᠬᠦ᠂ ᠠᠵᠢᠯ ᠶᠠᠪᠤᠳᠠᠯ ᠭᠦᠶᠴᠡᠳᠬᠡᠬᠦ ᠣᠪᠣᠷ ᠬᠠᠯᠠᠭᠤᠮᠰᠤᠭ᠂ ᠠᠵᠢᠯ ᠶᠠᠪᠤᠳᠠᠯ ᠭᠦᠶᠴᠡᠳᠬᠡᠬᠦ ᠣᠶᠢᠯᠠᠭᠠᠭᠳᠠᠬᠤᠨ ᠲᠡᠷᠢᠭᠦᠨ ᠤ᠂ ᠠᠵᠢᠯ ᠶᠠᠪᠤᠳᠠᠯ ᠭᠦᠶᠴᠡᠳᠬᠡᠬᠦ ᠥᠪᠡᠷ ᠤᠨ ᠥᠷᠲᠡᠭ ᠳᠤᠤᠷ᠎ᠠ᠂ ᠠᠵᠢᠯ ᠶᠠᠪᠤᠳᠠᠯ ᠭᠦᠶᠴᠡᠳᠬᠡᠬᠦ ᠠᠷᠭ᠎ᠠ ᠬᠡᠯᠪᠡᠷᠢ ᠲᠦᠷᠭᠡᠨ᠂ ᠠᠵᠢᠯ ᠶᠠᠪᠤᠳᠠᠯ ᠭᠦᠶᠴᠡᠳᠬᠡᠬᠦ ᠦᠷ᠎ᠡ ᠪᠦᠲᠦᠮᠵᠢ ᠢᠯᠡᠳᠲᠡ ᠪᠠᠶᠢᠬᠤ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠠᠯᠢ ᠴᠢᠳᠠᠬᠤ ᠪᠠᠷ ᠴᠢᠷᠮᠠᠶᠢᠨ ᠪᠣᠶ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠡᠷᠡᠭᠴᠡᠭᠡ ᠶᠣᠰᠣᠭᠠᠷ ᠨᠢ ᠲᠣᠭᠲᠠᠭᠠᠭᠰᠠᠨ᠂ ᠴᠠᠭ ᠲᠤᠬᠠᠶ ᠳᠤᠨᠢ ᠦᠢᠯᠡᠴᠢᠯᠡᠬᠦ ᠦᠶᠯᠡᠴᠢᠯᠡᠭᠡ ᠬᠠᠩᠭᠠᠨ᠎ᠠ ᠭᠡᠵᠦ ᠢᠯᠡᠳᠬᠡᠪᠡ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠴᠢ᠊ ᠪᠠᠲᠤ ᠬᠤᠷᠠᠯ ᠳᠤ ᠣᠷᠣᠯᠴᠠᠵᠤ᠂ ᠲᠥᠪ ᠤᠨ ᠪᠠ ᠡᠯ᠎ᠡ ᠮᠤᠵᠢ ᠣᠷᠣᠨ ᠬᠤᠲᠠ ᠶᠢᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ 31 ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ