ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠵᠠᠩ ᠱᠤᠤ ᠴᠦᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/9/22

      9 ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠲᠤᠬᠠᠢ ᠲᠤᠬᠢᠷᠠᠭᠤᠯᠤᠨ ᠪᠠᠶᠢᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ  ᠣᠷᠣᠯᠴᠠᠵᠤ ᠶᠠᠷᠢᠶ᠎ᠠ ᠲᠠᠯᠪᠢᠪᠠ᠃
      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠶᠢᠨ ᠬᠢᠨ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠶ᠋ᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠸᠢᠳᠢᠣ᠋ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ︽ᠬᠤᠶᠠᠷ ᠪᠠᠶᠠᠷ︾᠎ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠢ ᠪᠠᠲᠤᠯᠠᠬᠤ ᠶᠢ ᠣᠳᠣᠬᠠᠨ ᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ᠂ ᠪᠠᠷᠢᠯᠭ᠎ᠠ ᠶᠢᠨ ᠠᠵᠢᠯ᠂ ᠰᠢᠲᠠᠮᠠᠬᠠᠶ ᠬᠡᠶ ᠵᠡᠷᠭᠡ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠬᠡᠮ ᠰᠤᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠠᠳᠬᠤᠵᠤ᠂ ᠲᠦᠢᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠨ᠂ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠳᠠᠷᠤᠶ ᠲᠦᠷᠭᠡᠨ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠡᠷᠲᠡᠬᠡᠨ ᠲᠦᠢᠮᠡᠷ ᠢ ᠤᠨᠲᠠᠷᠠᠭᠠᠬᠤ ᠬᠡᠷᠡᠭᠲᠡᠶ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠶᠤᠯᠭᠦᠢ ᠦᠢᠯᠡᠳᠪᠦᠷᠢᠯᠡᠯ ᠤᠨ ᠬᠠᠤᠯᠢ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠳᠤᠲᠠᠭᠤᠳᠠᠯ ᠳᠤᠲᠠᠭᠳᠠᠯ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠣᠣᠷ ᠢ ᠨᠢᠭᠲᠠ ᠰᠦᠯᠵᠢᠬᠦ ᠬᠡᠷᠡᠭᠲᠡᠢ᠃ ᠪᠠᠷᠠᠭᠠᠨ ᠤ ᠦᠨ᠎ᠡ ᠶᠢ ᠦᠷᠢᠰᠦᠯᠳᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠠᠵᠢᠯᠯᠠᠭ᠎ᠠ ᠳᠤ  ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠠᠨᠳᠤᠰᠢ ᠳᠤ  ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠵᠡᠮᠰᠢᠯ ᠲᠤᠬᠢᠷᠠᠭᠤᠯᠭ᠎ᠠ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ᠂ ᠡᠳ᠋ ᠪᠣᠳᠠᠰ ᠨᠥᠭᠡᠴᠡᠯᠡᠬᠦ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠣᠭᠲᠠᠴᠠ ᠶᠢ ᠴᠢᠩᠭᠠᠳᠬᠠᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠢ ᠠᠮᠤᠷ ᠠᠮᠤᠭᠤᠯᠠᠩ ᠡᠶ᠎ᠡ ᠨᠠᠶᠢᠷᠠᠮᠳᠠᠭᠤ ᠪᠠᠶᠠᠷ ᠤᠨ ᠡᠳᠦᠷ ᠢ ᠥᠩᠭᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ