ᠸᠠᠩ ᠯᠢ ᠰᠢᠶᠠ ᠬᠥᠬᠡᠬᠤᠲᠠ ᠳᠤ ᠢᠳᠡᠭᠡᠨ ᠤ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠥ ᠪᠠᠶᠠᠷ ᠤᠨ ᠡᠳᠦᠷ ᠤᠨ ᠢᠳᠡᠭᠡᠨ ᠤ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2021/9/22

      ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠢᠳᠡᠭᠡᠨ ᠤ ᠠᠮᠤᠷ ᠲᠦᠪᠰᠢᠨ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ ᠶᠢ ᠪᠠᠲᠤᠯᠠᠵᠤ᠂ ᠤᠯᠠᠨ ᠲᠦᠮᠡᠨ ᠢ ᠰᠠᠨᠠᠭ᠎ᠠ ᠠᠮᠤᠷ ᠬᠤᠳᠠᠯᠳᠤᠨ ᠠᠪᠬᠤ᠂ ᠰᠠᠨᠠᠭ᠎ᠠ ᠠᠮᠤᠷ ᠢᠳᠡᠵᠦ ᠤᠤᠭᠤᠬᠤ᠂ ᠪᠠᠶᠠᠷ ᠬᠦᠷ ᠲᠠᠢ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠸᠠᠩ ᠯᠢ ᠰᠢᠶᠠ ᠨᠠᠷ ᠬᠥᠬᠡᠬᠤᠲᠠ ᠶᠢᠨ ᠪᠦᠦ ᠴᠢᠤᠸᠠᠨ ᠵᠤᠸᠠᠩ ᠲᠠᠷᠢᠶᠠᠯᠠᠩ ᠤᠨ ᠪᠦᠳᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ ᠪᠡᠭᠡᠵᠢᠩ ᠤᠨ ᠬᠤᠸᠠ ᠯᠢᠶᠠᠨ ᠬᠡᠲᠦ ᠳᠡᠯᠭᠡᠭᠦᠷ ᠤᠨ ᠶᠢᠨ ᠶᠢᠦ ᠴᠧᠩ ᠳᠡᠯᠭᠡᠭᠦᠷ ᠲᠤ ᠬᠦᠷᠴᠦ᠂ ᠲᠠᠷᠢᠶᠠᠯᠠᠩ ᠤᠨ ᠪᠦᠳᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠭᠴᠢ᠂ ᠬᠡᠲᠦ ᠳᠡᠯᠭᠡᠭᠦᠷ ᠤᠨ ᠠᠵᠢᠯᠲᠠᠨ᠂ ᠪᠠᠷᠠᠭ᠎ᠠ ᠬᠤᠳᠠᠯᠳᠤᠨ ᠠᠪᠴᠦ ᠪᠠᠶᠢᠭ᠎ᠠ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠢᠳᠡᠭᠡᠨ ᠤ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠬᠢᠨᠠᠨ ᠬᠡᠮᠵᠢᠯᠳᠡ᠂ ᠡᠵᠡᠩᠨᠡᠯᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠮᠢᠬᠠᠨ ᠤ ᠲᠥᠷᠥᠯ ᠤᠨ ᠢᠳᠡᠭᠡᠨ ᠤ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠦᠵᠡᠭᠦᠯᠭᠡ ᠶᠢ ᠲᠤᠬᠠᠶ ᠶᠢᠨ ᠲᠠᠯᠠᠪᠠᠶ ᠳᠤ ᠦᠵᠡᠪᠡ᠃ ᠲᠡᠷᠡ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠤ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠪᠠ ᠪᠣᠷᠣᠯᠠᠭᠤᠯᠬᠤ ᠪᠠᠶᠢᠳᠠᠯ ᠬᠦᠭᠵᠢᠶᠡᠨ ᠲᠠᠢ ᠶᠤᠮ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠷᠠᠭᠠᠨ ᠤ ᠢᠷᠡᠯᠲᠡ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ᠂ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠨᠳᠤᠯᠭᠠᠲᠤ ᠴᠢᠨᠠᠷᠲᠠᠢ ᠪᠠᠷ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠪᠠᠴᠢᠮ ᠰᠢᠢᠳᠪᠦᠷᠢᠯᠡᠬᠦ ᠴᠢᠬᠤᠯᠠᠲᠠᠢ ︽ᠬᠤᠯᠢᠰᠢᠨ ᠢᠳᠡᠭᠡᠨ︾ ᠤ ᠠᠰᠠᠭᠤᠳᠠᠯ ᠤᠨ ᠲᠣᠭᠤᠷᠢᠨ ᠳᠤ᠂ ︽ᠲᠠᠷᠢᠬᠤ᠂ ᠲᠡᠵᠢᠭᠡᠬᠦ᠂ ᠲᠤᠬᠢᠷᠠᠭᠤᠯᠬᠤ᠂ ᠨᠥᠬᠦᠪᠥᠷᠢᠯᠡᠬᠦ︾ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠤᠢᠢᠷ᠎ᠠ ᠬᠠᠪᠢ ᠳᠠᠭᠠᠨ ᠳᠦᠬᠦᠮ ᠳᠦᠳᠡ ᠪᠠᠶᠢᠬᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠡᠯ᠎ᠡ ᠲᠦᠷᠦᠯ ᠤᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ ᠶᠢ ᠪᠠᠲᠤᠯᠠᠵᠤ᠂ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃
      ᠸᠠᠩ ᠯᠢ ᠰᠢᠶᠠ᠂ ᠢᠳᠡᠭᠡᠨ ᠤ ᠠᠮᠤᠷ ᠲᠦᠪᠰᠢᠨ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠰᠢᠭᠤᠳ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠤ ᠠᠮᠤᠷ ᠲᠦᠪᠰᠢᠨ ᠤ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠴᠠᠭ ᠬᠤᠭᠤᠴᠠᠭ᠎ᠠ ᠳᠤ ᠴᠢᠩᠭ᠎ᠠ ᠠᠩᠬᠠᠷᠤᠯ ᠢᠶᠠᠨ ᠲᠠᠯᠪᠢᠵᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠣᠭᠤᠮᠲᠠ ᠨᠢᠭᠡᠪᠦᠷᠢ ᠶᠢ ᠴᠢᠩᠭ᠎ᠠ ᠡᠵᠡᠮᠳᠡᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠬᠢᠵᠢᠭᠦᠯᠵᠦ᠂ ᠬᠢᠷᠢ ᠲᠡᠩᠴᠡᠭᠦ ᠥᠬᠡᠶ ᠲᠠᠸᠠᠷ ᠤᠨ ᠵᠠᠬ᠎ᠠ ᠳᠡᠯᠭᠡᠭᠦᠷ ᠲᠤ ᠣᠷᠣᠬᠤ ᠶᠢ ᠡᠷᠡᠰ ᠰᠡᠷᠭᠡᠶᠢᠯᠡᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠡᠷᠡᠰ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
      ᠸᠠᠩ ᠯᠢ ᠰᠢᠶᠠ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠠᠢ ᠬᠡᠲᠦ ᠳᠡᠯᠭᠡᠭᠦᠷ ᠢᠶᠠᠷ ᠬᠥᠮᠦᠨ ᠤᠯᠠᠨ᠂ ᠰᠢᠯᠵᠢᠩᠬᠦᠢ ᠴᠢᠨᠠᠷ ᠢᠶᠠᠷ ᠶᠡᠭᠡ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠲᠠᠯᠠᠪᠤᠷ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠨᠡ ᠬᠦ ᠬᠦᠪᠴᠢ ᠶᠢ ᠢᠮᠠᠭᠲᠠ ᠴᠢᠩᠳᠠᠯᠠᠵᠤ᠂ ︽ᠴᠠᠭ ᠲᠤᠬᠠᠢ ᠳᠤᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ᠂ ᠪᠦᠲᠦᠮᠵᠢᠲᠡᠢ ᠪᠠᠷ ᠠᠪᠤᠷᠠᠨ ᠵᠠᠰᠠᠬᠤ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠪᠠᠶᠠᠷ︾ ᠤᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠡᠩ ᠰᠢᠨᠵᠢᠯᠡᠬᠦ ᠤᠬᠠᠭᠠᠨᠴᠢ᠂ ᠨᠡᠩ ᠣᠨᠣᠴᠠᠲᠠᠢ᠂ ᠨᠡᠩ ᠪᠦᠲᠦᠮᠵᠢᠲᠡᠢ ᠪᠠᠷ ᠰᠠᠶᠢᠲᠤᠷ ᠠᠳᠬᠤᠵᠤ᠂ ᠤᠯᠠᠨ ᠲᠦᠮᠡᠨ ᠤ ᠠᠮᠤᠷ ᠲᠦᠪᠰᠢᠨ ᠪᠠᠶᠠᠷ ᠪᠠᠶᠠᠰᠬᠤᠯᠠᠩ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ