ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ  ᠱᠢ ᠲᠠᠢ ᠹᠧᠩ  ᠸᠠᠩ ᠯᠢ ᠰᠢᠶᠠ  ᠯᠢ ᠰᠢᠤ ᠯᠢᠩ ᠤᠷᠤᠯᠴᠠᠵᠠᠢ
ᠨᠡᠶᠢᠲᠡᠯᠡᠭᠰᠡᠨ ᠴᠠᠭ᠄
2021/9/22


      ᠤᠳᠤᠷᠢᠳᠬᠤ ᠺᠠᠳ᠋ᠷᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠲᠡᠶᠢᠨ ᠳᠤ ᠪᠡᠯᠡᠤᠨᠬᠡᠬᠦ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠠᠵᠤ ᠦᠶᠯᠡᠳᠪᠦᠷᠢ ᠶᠢᠨ ᠪᠦᠯᠦᠭᠯᠡᠯ ᠤᠨ ᠵᠢᠷᠭᠤᠳᠤᠭᠠᠷ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠶᠯᠡᠳᠪᠦᠷᠢᠯᠡᠯ ᠤᠨ ᠰᠠᠭᠤᠷᠢᠨ ᠳᠤ ᠬᠦᠷᠴᠦ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠠᠵᠢᠯᠯᠠᠭ᠎ᠠ ᠳᠤ ᠣᠷᠣᠯᠴᠠᠵᠠᠶ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ᠂ ᠳᠡᠳ᠋ ᠺᠣᠮᠠᠨᠳ᠋ᠯᠠᠭᠴᠢ᠂ ᠳᠡᠳ᠋ ᠺᠣᠮᠢᠰᠰᠠᠷ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠬᠢ ᠶᠢᠨ ᠺᠣᠮᠠᠨᠳ᠋ᠯᠠᠭᠴᠢ ᠠᠵᠢᠯᠯᠠᠭ᠎ᠠ ᠳᠤ ᠣᠷᠣᠯᠴᠠᠪᠠ᠃
      ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠱᠢ ᠲᠠᠢ ᠹᠧᠩ᠂ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠴᠡᠷᠢᠭ ᠤᠨ ᠬᠤᠪᠴᠠᠰᠤ ᠡᠮᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠳᠪᠦᠷᠢᠯᠡᠯ ᠤᠨ ᠰᠠᠭᠤᠷᠢᠨ ᠳᠤ ᠢᠷᠡᠪᠡ᠃ ᠣᠯᠠᠨ ᠢᠶᠠᠷ ᠢᠶᠠᠨ ᠬᠠᠲᠠᠭᠤ ᠪᠡᠶᠡᠲᠦ ᠲᠡᠶᠢᠷᠦᠯᠲᠦ ᠰᠤᠮᠤ ᠶᠢᠨ ᠬᠥᠳᠡᠯᠭᠡᠭᠦᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠵᠦ᠂ ᠦᠶᠯᠡᠳᠬᠦᠨ ᠤ ᠴᠢᠳᠠᠪᠬᠢ ᠶᠢᠨ ᠪᠣᠯᠵᠣᠯᠲᠤ ᠲᠤᠭ᠎ᠠ ᠪᠠ ᠬᠡᠷᠡᠭᠯᠡᠯᠲᠡ ᠶᠢᠨ ᠪᠠᠶᠢᠳᠠᠯ ᠢ ᠣᠶᠢᠯᠠᠭᠠᠪᠠ᠃ ᠲᠤᠬᠠᠢ ᠶᠢᠨ ᠲᠠᠯᠠᠪᠠᠢ ᠳᠤ ᠪᠣᠳᠠᠲᠤ ᠪᠣᠳᠠᠰ ᠤᠨ ᠦᠵᠡᠭᠦᠯᠭᠡ ᠶᠢᠨ ᠬᠡᠯᠪᠡᠷᠢ ᠪᠠᠷ ᠬᠠᠷᠪᠤᠯ ᠵᠦᠢ ᠶᠢᠨ ᠵᠠᠯᠠᠭᠤᠷᠲᠤ ᠰᠤᠮᠤ᠂ ᠨᠢᠰᠦᠯᠲᠡ᠂ ᠠᠭᠠᠷ ᠤᠨ ᠰᠡᠷᠭᠡᠶᠢᠯᠡᠯᠲᠡ᠂ ᠬᠠᠲᠠᠭᠤ ᠪᠡᠶᠡᠲᠦ ᠬᠦᠯᠭᠡ ᠵᠢᠴᠢ ᠰᠠᠨᠰᠠᠷ ᠤᠨ ᠠᠶᠠᠯᠠᠯ ᠵᠡᠷᠭᠡ ᠬᠦᠷᠢᠶ᠎ᠡ ᠪᠠᠷ᠂ ᠮᠠᠨ ᠤ ᠤᠯᠤᠰ ᠤᠨ ᠵᠠᠯᠠᠭᠤᠷᠲᠤ ᠰᠤᠮᠤ ᠶᠢᠨ ᠵᠡᠪᠰᠡᠭ ᠲᠣᠨᠣᠭᠯᠠᠯ ᠤᠨ ᠬᠠᠲᠠᠭᠤ ᠪᠡᠶᠡᠲᠦ ᠬᠥᠳᠡᠯᠭᠡᠬᠦ ᠬᠦᠴᠦᠨ ᠤ ᠦᠢᠯᠡᠳᠬᠦᠨ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶᠯᠡᠳᠪᠦᠷᠢ ᠶᠢᠨ ᠪᠦᠯᠦᠭᠯᠡᠯ ᠪᠣᠯ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠦᠶᠯᠡᠰ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶᠯᠡᠳᠪᠦᠷᠢ ᠶᠢᠨ ᠲᠤᠯᠭᠠᠭᠤᠷᠢ ᠬᠦᠴᠦᠨ ᠮᠥᠨ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠪᠣᠯ ᠮᠠᠨ ᠤ ᠤᠯᠤᠰ ᠤᠨ ᠬᠠᠲᠠᠭᠤ ᠪᠡᠶᠡᠲᠦ ᠬᠥᠳᠡᠯᠭᠡᠬᠦ ᠬᠦᠴᠦᠨ ᠤ ᠦᠶᠯᠡᠰ ᠤᠨ ᠥᠯᠥᠭᠡᠶ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶᠯᠡᠰ ᠢ ᠡᠷᠭᠢᠯᠡᠵᠦ ᠪᠠᠶᠢᠭ᠎ᠠ ᠲᠣᠮᠣ ᠬᠡᠯᠪᠡᠷᠢ ᠶᠢᠨ ᠠᠵᠤ ᠠᠬᠤᠶᠢᠯᠠᠯ ᠮᠥᠨ᠂ ᠰᠠᠨᠰᠠᠷ ᠤᠨ ᠠᠶᠠᠯᠠᠯ ᠤᠨ ᠬᠠᠲᠠᠭᠤ ᠪᠡᠶᠡᠲᠦ ᠬᠥᠳᠡᠯᠭᠡᠬᠦ ᠬᠦᠴᠦᠨ ᠤ ᠦᠶᠯᠡᠰ ᠤᠨ ᠡᠭᠦᠷᠭᠡ ᠶᠢ ᠡᠭᠦᠷᠭᠡᠯᠡᠵᠦ᠂ ᠴᠡᠷᠢᠭ ᠢ ᠬᠦᠴᠦᠷᠬᠡᠭᠵᠢᠭᠦᠯᠬᠦ ᠲᠡᠷᠢᠭᠦᠨ ᠬᠠᠷᠢᠭᠤᠴᠠᠯᠭ᠎ᠠ ᠡᠭᠦᠷᠭᠡᠯᠡᠯ ᠢ ᠭᠦᠶᠴᠡᠳᠬᠡᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠰᠢᠰᠲ᠋ᠧᠮ ᠢ ᠪᠠᠶᠢᠭᠤᠯᠵᠤ ᠪᠤᠢ᠃ ᠤᠯᠠᠨ ᠢᠶᠠᠷ ᠢᠶᠠᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠪᠣᠯᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠬᠠᠮᠠᠭᠠᠯᠠᠯᠲᠠ ᠶᠢᠨ ᠠᠵᠢᠯ ᠤᠨ ᠲᠣᠨᠣᠭᠯᠠᠯ ᠤᠨ ᠬᠠᠷᠢᠶᠠᠨ ᠳᠤ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠵᠡᠬᠡᠪᠡ᠃
      ᠦᠵᠡᠭᠦᠯᠭᠡ ᠶᠢᠨ ᠲᠢᠩᠬᠢᠮ ᠳᠤ᠂ ᠤᠯᠠᠨ ᠢᠶᠠᠷ ᠢᠶᠠᠨ ᠨᠠᠮ ᠤᠨ ᠤᠳᠤᠷᠢᠳᠤᠯᠭ᠎ᠠ ᠳᠣᠣᠷᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠯᠠᠭᠤᠷᠲᠤ ᠰᠤᠮᠤᠨ ᠤ ᠠᠵᠤ ᠦᠢᠯᠡᠳᠪᠦᠷᠢ ᠶᠢᠨ ᠦᠵᠡᠭᠦᠯᠭᠡ ᠶᠢ ᠨᠠᠷᠢᠨ ᠬᠢᠨᠠᠮᠠᠭᠠᠢ ᠲᠣᠭᠤᠷᠢᠨ ᠦᠵᠡᠪᠡ᠃ ᠦᠵᠡᠰᠬᠦᠯᠡᠩ ᠨᠢ ᠵᠠᠭᠪᠤᠷ᠂ ᠸᠢᠳᠢᠣ᠋᠂ ᠪᠣᠳᠠᠲᠤ ᠪᠣᠳᠠᠰ ᠵᠡᠷᠭᠡ ᠬᠡᠯᠪᠡᠷᠢ ᠪᠠᠷ ᠳᠤᠮᠳᠠᠳᠤ ᠤᠯᠤᠰ ᠤᠨ ᠵᠠᠯᠠᠭᠤᠷᠲᠤ ᠰᠤᠮᠤ ᠶᠢᠨ ᠠᠵᠤ ᠦᠢᠯᠡᠳᠪᠦᠷᠢ ᠶᠢᠨ ᠬᠥᠭᠵᠢᠯᠲᠡ᠂ ᠴᠡᠷᠢᠭ ᠢ ᠬᠦᠴᠦᠷᠬᠡᠭᠵᠢᠭᠦᠯᠬᠦ ᠵᠠᠮ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠭᠰᠠᠨ ᠵᠡᠷᠭᠡ ᠪᠠᠶᠢᠳᠠᠯ ᠢ ᠠᠮᠢᠳᠤᠯᠢᠭ ᠢᠶᠠᠷ ᠳᠡᠯᠭᠡᠨ ᠦᠵᠡᠭᠦᠯᠵᠡᠢ᠃ ᠣᠯᠠᠨ ᠢᠶᠠᠷ ᠢᠶᠠᠨ ᠪᠠᠶᠢᠨ ᠪᠠᠶᠢᠨ ᠯᠠᠪᠯᠠᠨ ᠵᠣᠭᠰᠣᠵᠤ᠂ ᠲᠠᠶᠢᠯᠤᠮᠵᠢ ᠰᠣᠨᠣᠰᠴᠤ᠂ ᠵᠢᠷᠤᠭ ᠪᠢᠴᠢᠭ ᠤᠩᠰᠢᠵᠤ᠂ ᠸᠢᠳᠢᠣ᠋ ᠦᠵᠡᠵᠦ᠂ ᠪᠠᠶᠢᠨ ᠪᠠᠶᠢᠨ ᠠᠰᠠᠭᠤᠨ ᠯᠠᠪᠯᠠᠵᠤ᠂ ᠨᠠᠮ ᠤᠨ ᠤᠳᠤᠷᠢᠳᠤᠯᠭ᠎ᠠ ᠳᠤᠤᠷ᠎ᠠ ᠮᠠᠨ ᠤ ᠤᠯᠤᠰ ᠤᠨ ᠵᠠᠯᠠᠭᠤᠷᠲᠤ ᠰᠤᠮᠤᠨ ᠤ ᠠᠵᠤ ᠦᠶᠯᠡᠳᠪᠦᠷᠢ ᠪᠠ ᠬᠠᠲᠠᠭᠤ ᠪᠡᠶᠡᠲᠦ ᠬᠥᠳᠡᠯᠭᠡᠬᠦ ᠬᠦᠴᠦᠨ ᠤ ᠦᠶᠯᠡᠰ ᠤᠨ ᠬᠤᠭᠤᠰᠤᠨ ᠢ ᠨᠥᠬᠦᠪᠤᠷᠢᠯᠡᠵᠥ᠂ ᠪᠠᠭ᠎ᠠ ᠠᠴᠠ ᠶᠡᠭᠡ ᠪᠣᠯᠵᠣ᠂ ᠪᠠᠭᠤᠷᠠᠶ ᠠᠴᠠ ᠬᠦᠴᠦᠷᠬᠡᠭ ᠪᠣᠯᠵᠣ ᠬᠥᠭᠵᠢᠭᠰᠡᠨ ᠥᠩᠭᠡᠷᠡᠯᠲᠡ ᠵᠢᠴᠢ ᠵᠢᠷᠭᠤᠳᠤᠭᠠᠷ ᠬᠦᠷᠢᠶᠡᠯᠡᠩ ᠤᠨ ᠤᠯᠤᠰ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠢᠨ᠎ᠡ ᠶᠢ ᠡᠭᠦᠳᠦᠨ ᠦᠶᠯᠡᠰ ᠪᠤᠰᠬᠠᠬᠰᠠᠨ ᠦᠷ᠎ᠡ ᠪᠦᠲᠦᠭᠡᠯ ᠢ ᠨᠠᠷᠢᠨ ᠣᠶᠢᠯᠠᠭᠠᠪᠠ᠃ ᠬᠡᠮᠵᠢᠨ ᠡᠵᠡᠮᠳᠡᠬᠦ ᠶᠡᠭᠡ ᠲᠢᠩᠬᠢᠮ ᠳᠤ᠂ ᠣᠯᠠᠨ ᠢᠶᠠᠷ ᠢᠶᠠᠨ ᠵᠢᠯᠣᠭᠤᠳᠬᠤ ᠲᠣᠮᠣ ᠳᠡᠯᠭᠡᠴᠡ ᠪᠠᠷ ᠳᠠᠮᠵᠢᠨ᠂ ᠨᠢᠭᠡᠨ ᠲᠣᠮᠣ ᠬᠡᠯᠪᠡᠷᠢ ᠶᠢᠨ ᠬᠠᠲᠠᠭᠤ ᠪᠡᠶᠡᠲᠦ ᠲᠡᠶᠢᠷᠦᠯᠲᠦ ᠰᠤᠮᠤ ᠶᠢᠨ ᠬᠥᠳᠡᠯᠭᠡᠭᠦᠷ ᠢ ᠭᠠᠵᠠᠷ ᠳᠡᠭᠡᠷ᠎ᠡ ᠨᠣᠴᠣᠭᠠᠬᠤ ᠲᠤᠷᠰᠢᠯᠲᠠ ᠶᠢ ᠲᠣᠭᠤᠷᠢᠨ ᠦᠵᠡᠪᠡ᠃
      ᠣᠯᠠᠨ ᠢᠶᠠᠷ ᠢᠶᠠᠨ᠂ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠣᠯ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢᠨ ᠴᠢᠬᠤᠯᠠ ᠠᠭᠤᠯᠭ᠎ᠠ ᠮᠥᠨ᠂ ᠡᠨᠡ ᠤᠳᠠᠭ᠎ᠠ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠳᠤ ᠬᠦᠷᠴᠦ᠂ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠭᠤᠤ ᠶᠡᠭᠡ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠤ‍‌ᠵᠢᠯᠠᠭᠠᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶᠯᠡᠳᠪᠦᠷᠢ ᠶᠢᠨ ᠲᠡᠦᠬᠡ ᠶᠢᠨ ᠯᠤᠲᠤ ᠶᠡᠭᠡ ᠬᠤᠪᠢᠷᠠᠯᠲᠠ ᠶᠢ ᠣᠶᠢᠯᠠᠭᠠᠵᠤ᠂ ᠲᠣᠮᠣ ᠤᠯᠤᠰ ᠤᠨ ᠰᠤᠳᠤᠨ ᠲᠣᠨᠣᠭᠯᠠᠯ ᠢ ᠪᠡᠶᠡᠴᠢᠯᠡᠨ ᠣᠶᠢᠯᠠᠭᠠᠬᠤ ᠪᠣᠯ ᠨᠢᠭᠡ ᠤᠳᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠢᠳᠤᠯᠢᠭ ᠬᠥᠮᠦᠵᠢᠯ ᠮᠥᠨ᠂ ᠪᠠᠰᠠ ᠴᠤ ᠨᠢᠭᠡ ᠤᠳᠠᠭᠠᠨ ᠤ ᠳᠠᠶᠢᠴᠢᠨ ᠵᠣᠷᠢᠭ ᠰᠠᠨᠠᠭᠠᠨ ᠤ ᠬᠥᠮᠦᠵᠢᠭᠦᠯᠦᠯ ᠮᠥᠨ᠃ ᠢᠯᠠᠩᠭᠤᠶ᠎ᠠ ︽9·18︾ ᠤ ᠬᠡᠷᠡᠭ ᠬᠤᠪᠢᠰᠤᠯ ᠤᠨ 90 ᠵᠢᠯ ᠤᠨ ᠤᠢ ᠪᠠ 21 ᠳᠠᠬᠢ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠡᠨᠡ ᠤᠳᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠤ ᠠᠴᠢ ᠬᠤᠯᠪᠣᠭᠳᠠᠯ ᠨᠢ ᠨᠡᠩ ᠣᠨᠴᠠᠭᠠᠢ᠂ ᠤᠳᠬ᠎ᠠ ᠰᠠᠨᠠᠭ᠎ᠠ ᠨᠢ ᠨᠡᠩ ᠭᠦᠨ ᠵᠤᠵᠠᠭᠠᠨ ᠪᠠᠶᠢᠨ᠎ᠠ ᠭᠡᠵᠤ ᠢᠯᠡᠳᠭᠡᠵᠡᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ