ᠯᠢᠨ ᠱᠤᠤ ᠴᠦᠨ ᠰᠢᠯᠢ ᠶᠢᠨ ᠭᠤᠣᠯ ᠠᠶᠢᠮᠠᠭ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠥ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠨᠢᠭᠡᠳᠦᠭᠡᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ
ᠨᠡᠶᠢᠲᠡᠯᠡᠭᠰᠡᠨ ᠴᠠᠭ᠄
2021/9/22

      9 ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ ᠳᠤ ᠨᠢᠭᠡᠳᠦᠭᠡᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠳᠡ ᠶᠢᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠢᠭᠡᠳᠦᠭᠡᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠥᠬᠦ ᠲᠠᠯ᠎ᠠ ᠪᠠᠷ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠶᠢᠷᠡᠬᠦᠯᠦᠨ ᠠᠬᠢᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃
      ᠯᠢᠨ ᠱᠤᠤ ᠴᠦᠨ ᠡᠩ ᠲᠡᠷᠢᠭᠦᠨ ᠳᠤ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠵᠢᠴᠢ ᠲᠦᠷ ᠴᠠᠭ ᠤᠨ ᠪᠠᠶᠢᠴᠠᠭᠠᠬᠤ ᠴᠡᠭ ᠲᠤ ᠬᠦᠷᠴᠦ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠢᠰᠲ᠋ᠧᠮ ᠤᠨ ᠨᠢᠭᠡᠳᠦᠭᠡᠷ ᠪᠦᠯᠦᠭ ᠤᠨ ᠬᠥᠮᠦᠵᠢᠯ ᠴᠡᠭᠴᠡᠯᠡᠯᠲᠡ ᠶᠢᠨ ︽ᠬᠢᠴᠢᠶᠡᠯ ᠨᠥᠬᠦᠭᠰᠡᠨ︾᠂ ᠠᠴᠢᠶᠠᠨ ᠤ ᠮᠠᠰᠢᠨ ᠲᠡᠷᠭᠡᠨ ᠤ ᠵᠢᠯᠣᠭᠤᠴᠢ ᠶᠢ ᠳᠤᠷ᠎ᠠ ᠪᠠᠷ ᠢᠶᠠᠨ ᠵᠣᠭᠤᠰ ᠢᠶᠠᠷ ᠲᠣᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠢᠰᠲ᠋ᠧᠮ ᠤᠨ ᠬᠢᠨ ᠪᠠᠶᠢᠴᠠᠭᠠᠬᠤ ᠴᠡᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠠᠷᠬᠠᠭ ᠬᠡᠮ ᠢᠶᠠᠨ ᠬᠦᠴᠦᠯᠡᠨ ᠠᠷᠢᠯᠭᠠᠵᠤ᠂ ᠪᠣᠳᠠᠲᠤ ᠦᠷ᠎ᠡ ᠪᠦᠲᠦᠮᠵᠢ ᠪᠠᠷ ᠢᠶᠠᠨ ᠠᠷᠠᠳ ᠣᠯᠠᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠶ ᠭᠡᠵᠦ ᠱᠠᠭᠠᠷᠳᠠᠪᠠ᠃
      ᠯᠢᠨ ᠱᠤᠤ ᠴᠦᠨ ᠠᠶᠢᠮᠠᠭ ᠬᠤᠳᠠ ᠶᠢᠨ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠬᠤᠰᠢᠭᠤᠨ ᠤ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠭᠦᠨᠵᠡᠭᠡᠶᠢᠷᠡᠪᠡ᠃ ᠲᠡᠷᠡ᠂ ᠬᠥᠮᠦᠵᠢᠯ ᠴᠡᠭᠴᠡᠯᠡᠯᠲᠡ ᠴᠠᠭ ᠬᠤᠭᠤᠴᠠᠭ᠎ᠠ ᠲᠠᠢ ᠴᠤ ᠡᠩᠨᠡᠭᠡᠨ ᠤ ᠪᠠᠶᠢᠭᠤᠯᠤᠯᠲᠠ ᠴᠠᠭ ᠬᠤᠭᠤᠴᠠᠭ᠎ᠠ ᠦᠭᠡᠢ ᠶᠤᠮ᠂ ᠨᠢᠭᠡᠳᠦᠭᠡᠷ ᠪᠦᠯᠦᠭ ᠤᠨ ᠬᠥᠮᠦᠵᠢᠯ ᠴᠡᠭᠴᠡᠯᠡᠯᠲᠡ ᠶᠢᠨ ᠠᠵᠢᠯ ᠢ ᠨᠠᠷᠢᠨ ᠬᠢᠨᠠᠮᠠᠭᠠᠢ ᠳ᠋ᠦᠩᠨᠡᠵᠦ᠂ ᠰᠠᠶᠢᠨ ᠠᠷᠭ᠎ᠠ ᠬᠢᠳᠡᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠥ᠂ ᠰᠢᠰᠲ᠋ᠧᠮ ᠲᠠᠢ ᠴᠡᠭᠴᠡᠯᠡᠨ ᠵᠠᠰᠠᠵᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠷ ᠵᠠᠰᠠᠨ ᠰᠢᠢᠳᠪᠦᠷᠢᠯᠡᠬᠦ ᠬᠡᠷᠡᠭᠲᠡᠢ᠃ ᠤᠯᠤᠰ ᠲᠥᠷᠥ ᠪᠠᠷ ᠴᠠᠭᠳᠠᠭ᠎ᠠ ᠪᠠᠶᠢᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠶᠢ ᠬᠠᠮᠢᠶᠠᠷᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠱᠠᠭᠠᠷᠳᠠᠯᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠶ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠬᠠᠤᠯᠢ ᠬᠡᠷᠡᠭᠵᠢᠭᠦᠯᠬᠦ ᠤᠢᠢᠯᠠᠭᠠᠭᠳᠠᠬᠤᠨ ᠢᠶᠠᠨ ᠲᠥᠪ ᠪᠣᠯᠭᠠᠵᠤ᠂ ᠲᠣᠷᠭᠠᠭᠤᠯᠢ ᠪᠠᠷ ᠬᠠᠮᠢᠶᠠᠷᠤᠯᠲᠠ ᠶᠢ ᠣᠷᠣᠯᠠᠭᠤᠯᠬᠤ᠂ ᠮᠧᠬᠠᠨᠢᠭ ᠢᠶᠠᠷ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠡᠷᠡᠰ ᠵᠠᠯᠠᠷᠠᠭᠤᠯᠵᠤ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠴᠢᠳᠠᠪᠬᠢ ᠪᠣᠯᠤᠨ ᠣᠯᠠᠨ ᠲᠦᠮᠡᠨ ᠤ ᠬᠡᠷᠡᠭᠴᠡᠭᠡ ᠲᠠᠢ ᠤᠶᠠᠯᠳᠤᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠶᠢ ᠰᠠᠶᠢᠲᠤᠷ ᠬᠢᠵᠦ᠂ ᠬᠠᠤᠯᠢ ᠬᠡᠷᠡᠭᠵᠢᠭᠦᠯᠵᠤ ᠬᠠᠤᠯᠢ ᠪᠠᠷᠢᠬᠤ ᠶᠢ ︽ᠡᠷᠴᠢᠮ︾ ᠲᠠᠢ ᠪᠥᠭᠡᠳ ︽ᠬᠠᠶᠢᠷ᠎ᠠ ᠬᠠᠯᠠᠮᠵᠢ︾ ᠲᠠᠢ ᠪᠣᠯᠭᠠᠬᠤ ᠭᠡᠷᠡᠭᠳᠠᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠣᠷᠢᠭᠲᠠᠢ ᠪᠠᠷ ᠬᠢᠳᠤᠭᠠᠨ ᠢᠷ ᠢᠶᠠᠨ ᠳᠣᠲᠣᠭᠰᠢ ᠬᠠᠨᠳᠤᠭᠤᠯᠤᠨ ᠲᠤᠰ ᠪᠡᠶ᠎ᠡ ᠶᠢᠨ ᠠᠷᠬᠠᠭ ᠭᠡᠮ ᠢᠶᠠᠨ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠭᠦᠢᠴᠡᠳ ᠤᠷᠮᠠᠰᠢᠭᠤᠯᠤᠨ ᠬᠠᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠭᠤᠷᠪᠠᠨ ᠬᠠᠷᠢᠴᠠᠯᠠᠰᠢ ᠦᠭᠡᠢ︾᠂ ︽ᠲᠦᠷᠪᠡᠨ ᠲᠡᠮᠤᠷ ᠮᠡᠲᠦ︾᠂ ︽ᠲᠠᠪᠤᠨ ᠬᠠᠲᠠᠭᠤ︾ ᠪᠠᠶᠢᠬᠤ ᠴᠢᠬᠤᠯᠠ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠨᠠᠮ ᠪᠣᠯᠤᠨ ᠠᠷᠠᠳ ᠲᠦᠮᠡᠨ ᠤ ᠰᠡᠳᠬᠢᠯ ᠬᠠᠨᠤᠮᠵᠢᠲᠠᠢ ᠡᠩᠨᠡᠭᠡ ᠶᠢ ᠪᠠᠶᠢᠭᠤᠯᠬᠤ ᠬᠡᠷᠡᠭᠲᠡᠢ ᠬᠡᠵᠤ ᠵᠢᠭᠠᠵᠤ ᠭᠠᠷᠭᠠᠪᠠ᠃
      ᠯᠢᠨ ᠱᠤᠤ ᠴᠦᠨ᠂ ᠠᠰᠠᠭᠤᠳᠠᠯ ᠨᠢ ᠦᠨᠳᠦᠰᠦᠨ ᠱᠠᠲᠤᠨ ᠳᠤ ᠪᠠᠶᠢᠵᠥ᠂ ᠦᠨᠳᠦᠰᠦ ᠰᠤᠷᠪᠤᠯᠵᠢ ᠨᠢ ᠪᠠᠶᠢᠭᠤᠯᠭ᠎ᠠ ᠳᠤ ᠪᠠᠶᠢᠨ᠎ᠠ᠂ ᠬᠤᠶᠠᠷ ᠪᠦᠯᠦᠭ ᠢᠶᠠᠷ ᠨᠢᠭᠡᠳᠦᠯᠲᠡᠢ ᠲᠥᠯᠥᠪᠵᠢᠭᠦᠯᠬᠦ᠂ ᠡᠮᠦᠨ᠎ᠡ ᠬᠤᠶᠢᠨᠠᠬᠢ ᠶᠢ ᠨᠢ ᠵᠣᠯᠭᠠᠭᠤᠯᠬᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠬᠤ ᠶᠢ ᠴᠢᠩᠭᠠᠳᠬᠠᠵᠤ᠂ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠳᠡ ᠶᠢᠨ ᠠᠵᠢᠯ ᠢ ᠴᠢᠨᠠᠷ ᠰᠠᠶᠢᠲᠠᠢ ᠰᠠᠶᠢᠲᠤᠷ ᠠᠳᠬᠤᠬᠤ ᠬᠡᠷᠡᠭᠲᠡᠢ ᠬᠡᠵᠤ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ