ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠲᠠᠢ ᠨᠢᠭᠤᠷᠳᠠᠨ ᠶᠠᠷᠢᠯᠴᠠᠬᠤ ᠳᠠᠭᠠᠨ ᠴᠢᠬᠤᠯᠠᠴᠢᠯᠠᠭᠰᠠᠨ ᠨᠢ ᠦᠨᠡᠨ ᠬᠦ ᠲᠦᠷᠦᠬᠦᠤ ᠬᠠᠷᠢᠭᠤᠴᠠᠯᠭ᠎ᠠ ᠶᠢ ᠡᠭᠦᠷᠭᠡᠯᠡᠵᠦ ᠭᠤᠤᠯ ᠬᠠᠷᠢᠭᠤᠴᠠᠯᠭ᠎ᠠ ᠶᠢ ᠭᠦᠢᠴᠡᠳᠬᠡᠵᠦ ᠪᠥᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠳᠡᠭᠡᠷ᠎ᠡ ᠱᠠᠲᠤ ᠨᠢ ᠳᠤᠤᠷ᠎ᠠ ᠱᠠᠲᠤ ᠪᠠᠨ ᠳᠠᠭᠠᠭᠤᠯᠤᠨ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2021/9/23

      ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠲᠤᠬᠢᠷᠠᠭᠤᠯᠤᠯᠳᠠ ᠶᠣᠰᠣᠭᠠᠷ᠂ 9 ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠨᠢᠭᠡ ᠡᠳᠦᠷ ᠤᠨ ᠴᠠᠭ ᠢ ᠠᠰᠢᠬᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠤᠯᠤᠰ ᠤᠨ ᠠᠮᠤᠷ ᠲᠦᠪᠰᠢᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠤᠨ ᠭᠤᠣᠯ ᠬᠠᠷᠢᠭᠤᠴᠠᠯᠭᠠᠲᠠᠨ ᠨᠥᠬᠦᠳ ᠲᠠᠢ ᠨᠢᠭᠤᠷᠳᠠᠨ ᠶᠠᠷᠢᠯᠴᠠᠵᠤ᠂ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠤᠯᠠᠮ ᠴᠢᠨᠠᠭᠰᠢᠳᠠ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠷᠤᠯᠲᠠ ᠶᠢ ᠳᠠᠮᠵᠢᠭᠤᠯᠪᠠ᠃ ᠲᠡᠷᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠨ᠂ ᠲᠦᠷᠦᠬᠦᠦ ᠬᠠᠷᠢᠭᠤᠴᠠᠯᠭ᠎ᠠ ᠶᠢ ᠡᠭᠦᠷᠭᠡᠯᠡᠵᠦ ᠭᠤᠤᠯ ᠬᠠᠷᠢᠭᠤᠴᠠᠯᠭ᠎ᠠ ᠶᠢ ᠭᠦᠢᠴᠡᠳᠬᠡᠵᠦ ᠪᠥᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠡᠭᠡᠷ᠎ᠠ ᠱᠠᠲᠤ ᠨᠢ ᠳᠤᠤᠷ᠎ᠠ ᠱᠠᠲᠤ ᠪᠠᠨ ᠳᠠᠭᠠᠭᠤᠯᠤᠨ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠱᠢ ᠲᠠᠢ ᠹᠧᠩ᠂ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠳᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ︽ᠨᠢᠭᠡᠳᠦᠭᠡᠷ ᠬᠠᠷᠢᠭᠤᠴᠠᠯᠭᠠᠳᠠᠨ︾ ᠪᠣᠯ ᠣᠷᠣᠯᠴᠠᠭᠴᠢ᠂ ᠦᠢᠯᠡᠳᠦᠯᠭᠡᠵᠢᠭᠦᠯᠦᠭᠴᠢ ᠮᠥᠷᠲᠡᠭᠡᠨ ᠪᠠᠰᠠ ᠵᠣᠬᠢᠶᠠᠨ ᠪᠠᠶᠢᠭᠤᠯᠤᠭᠴᠢ᠂ ᠠᠬᠢᠭᠤᠯᠤᠬᠴᠢ ᠮᠥᠨ ᠪᠣᠯᠬᠤᠷ ᠡᠭᠦᠷᠭᠡ ᠮᠠᠰᠢ ᠬᠦᠨᠳᠦ᠂ ᠬᠠᠷᠢᠭᠤᠴᠠᠯᠭ᠎ᠠ ᠮᠠᠰᠢ ᠶᠡᠭᠡ ᠶᠤᠮ᠃ ᠤᠯᠤᠰ ᠲᠦᠷᠦ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠯ᠎ᠠ ᠠᠴᠠ ᠭᠦᠢᠴᠡᠳᠭᠡᠬᠦ ᠶᠢ ᠪᠠᠷᠢᠮᠲᠠᠯᠠᠵᠤ᠂ ᠤᠳᠤᠷᠢᠳᠬᠤ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠷ᠎ᠠ ᠱᠠᠳᠤ ᠨᠢ ᠲᠤᠤᠷ᠎ᠠ ᠱᠠᠳᠤ ᠪᠠᠨ ᠳᠠᠭᠠᠭᠤᠯᠤᠨ ᠠᠵᠢᠯ ᠢᠶᠠᠨ ᠰᠠᠶᠢᠲᠤᠷ ᠬᠢᠵᠦ᠂ ᠬᠦᠷᠦᠯᠴᠡᠬᠦ᠋ᠢᠴᠡ ᠴᠠᠭ ᠪᠠ ᠤᠶᠤᠨ ᠴᠢᠳᠠᠯ ᠢᠶᠠᠨ ᠭᠠᠷᠭᠠᠵᠤ ᠪᠡᠶ᠎ᠡ ᠪᠠᠷ ᠢᠶᠠᠨ ᠠᠳᠬᠤᠵᠤ᠂ ᠠᠵᠢᠯ ᠤᠨ ᠡᠭᠦᠷᠭᠡ ᠪᠠᠨ ᠨᠡᠩ ᠨᠠᠷᠢᠨ ᠨᠢᠮᠪᠠᠢ ᠡᠮᠬᠢᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠡᠩ ᠴᠢᠩᠭ᠎ᠠ ᠨᠢᠮᠪᠠᠢ ᠲᠥᠯᠥᠪᠵᠢᠭᠦᠯᠵᠦ᠂ ᠬᠥᠮᠦᠵᠢᠯ ᠴᠡᠭᠴᠡᠯᠡᠯᠲᠡ ᠶᠢᠨ ᠳᠤᠮᠳᠠ ᠢᠯᠡᠷᠡᠭᠰᠡᠨ ᠲᠤᠪᠤᠶᠢᠮ᠎ᠠ ᠠᠰᠠᠭᠤᠳᠠᠯ ᠢ ᠴᠢᠭᠯᠡᠬᠦᠯᠦᠯᠳᠤ ᠴᠢᠨᠠᠷᠲᠠᠢ ᠪᠠᠷ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ ᠰᠡᠷᠭᠡᠶᠢᠯᠡᠵᠦ᠂ ᠬᠥᠮᠦᠵᠢᠯ ᠴᠡᠭᠴᠡᠯᠡᠯᠲᠡ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠲᠠᠶᠢᠯᠪᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠱᠢ ᠲᠠᠢ ᠹᠧᠩ᠂ ᠣᠳᠣᠬᠠᠨ ᠳᠤ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠨᠢᠭᠡᠨᠲᠡ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠳᠤ ᠣᠷᠣᠪᠠ᠂ ᠡᠨᠡ ᠪᠣᠯ ᠬᠠᠮᠤᠭ ᠤᠨ ᠬᠦᠴᠦ ᠤᠷᠤᠭᠤᠯᠬᠤ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠂ ᠡᠷᠬᠡᠪᠰᠢ ᠣᠨᠣᠪᠴᠢᠲᠠᠶ ᠪᠠᠶᠢᠴᠠᠭᠠᠵᠤ᠂ ᠭᠦᠨᠵᠡᠭᠡᠶ ᠠᠭᠤᠳᠠᠯᠵᠤ᠂ ᠪᠣᠳᠠᠲᠠᠶ ᠰᠠᠶᠢᠵᠢᠷᠠᠭᠤᠯᠵᠤ᠂ ᠲᠦᠢᠯᠪᠦᠷᠢᠲᠡᠢ ᠵᠠᠰᠠᠬᠤ ᠬᠡᠷᠡᠭᠲᠡᠶ᠃ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠤᠷᠤᠯᠴᠠᠯᠭ᠎ᠠ ᠬᠥᠮᠦᠵᠢᠯ ᠢ ᠢᠮᠠᠭᠲᠠ ᠲᠤᠭᠤᠰᠢᠯᠠᠭᠤᠯᠵᠤ᠂ ᠥᠷᠭᠡᠨ ᠤᠯᠠᠨ ᠺᠠᠳ᠋ᠷ ᠴᠠᠭᠳᠠᠭ᠎ᠠ ᠶᠢᠨ ᠦᠵᠡᠯ ᠰᠠᠨᠠᠭᠠᠨ ᠤ ᠦᠨᠳᠦᠰᠦᠨ ᠠᠰᠠᠭᠤᠳᠠᠯ ᠢ ᠤᠯᠠᠮ ᠴᠢᠨᠠᠭᠰᠢᠳᠠ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠥᠪ ᠪᠤᠷᠤᠭᠤ ᠬᠤᠶᠠᠷ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠠᠶᠢᠲᠤᠷ ᠬᠡᠷᠡᠭᠯᠡᠵᠦ᠂ ᠦᠵᠡᠯ ᠰᠠᠨᠠᠭᠠᠨ ᠤ ᠳᠠᠶᠢᠴᠢᠯᠠᠯᠲᠠ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠡᠳᠬᠢᠯ ᠤᠨ ᠦᠭᠡ ᠪᠠᠨ ᠶᠠᠷᠢᠯᠴᠠᠬᠤ ᠠᠵᠢᠯ ᠢ ᠰᠠᠶᠢᠲᠤᠷ ᠬᠢᠵᠦ᠂ ᠺᠠᠳ᠋ᠷ ᠴᠠᠭᠳᠠᠭ᠎ᠠ ᠶᠢᠨ ᠰᠡᠳᠬᠢᠯ ᠤᠨ ᠵᠠᠩᠭᠢᠷᠠᠭ᠎ᠠ ᠶᠢ ᠠᠯᠳᠠᠷᠠᠭᠠᠬᠤ᠂ ᠡᠷᠡᠭᠡᠯᠵᠡᠯ ᠢ ᠠᠷᠢᠯᠭᠠᠬᠤ᠂ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠲᠣᠳᠣᠷᠬᠠᠶᠢᠯᠠᠬᠤ ᠶᠢ ᠬᠥᠮᠦᠵᠢᠭᠦᠯᠵᠦ ᠬᠥᠲᠥᠯᠥᠨ ᠵᠢᠯᠣᠭᠤᠳᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠰᠢᠢᠳᠪᠦᠷᠢᠯᠡᠬᠦ ᠶᠢ ᠴᠢᠩᠭ᠎ᠠ ᠪᠥᠭᠡᠳ ᠪᠣᠳᠠᠲᠠᠢ ᠠᠬᠢᠭᠤᠯᠵᠤ᠂ ᠬᠤᠷᠢᠭᠠᠲᠤ ᠣᠷᠣᠨ ᠦᠭᠡᠢ᠂ ᠪᠦᠬᠦᠨ ᠢ ᠪᠦᠷᠬᠦᠬᠦᠯᠬᠦ᠂ ᠤᠭᠲᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠠᠰᠠᠭᠤᠳᠠᠯ ᠤᠨ ᠰᠦᠪᠡᠭᠴᠢ ᠶᠢ ᠵᠦᠭᠡᠷ ᠲᠠᠯᠪᠢᠬᠤ ᠦᠭᠡᠢ᠂ ᠠᠮᠠᠯᠠᠯᠲᠠ ᠪᠠᠨ ᠪᠡᠶᠡᠯᠡᠭᠦᠯᠬᠦ ᠳᠡᠭᠡᠨ ᠢᠲᠡᠭᠡᠯ ᠢᠶᠠᠨ ᠠᠯᠳᠠᠬᠤ ᠦᠭᠡᠢ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ᠰᠤᠯᠠᠷᠠᠬᠤ ᠦᠭᠡᠢ᠂ ᠬᠠᠲᠠᠭᠤ ᠲᠠᠢ ᠨᠢ ᠬᠠᠯᠳᠠᠪᠠᠯ ᠦᠨᠡᠨ ᠬᠦ ᠨᠠᠶᠢᠷ ᠲᠠᠯᠪᠢᠬᠤ ᠦᠭᠡᠢ᠂ ᠭᠦᠨᠵᠡᠭᠡᠢ ᠠᠭᠤᠳᠠᠯᠤᠨ ᠲᠦᠢᠯᠪᠤᠷᠢᠲᠠᠢ ᠪᠠᠶᠢᠴᠠᠭᠠᠬᠤ ᠳᠤ ᠦᠴᠦᠬᠡᠨ ᠴᠤ ᠤᠬᠤᠷᠢᠬᠤ ᠦᠭᠡᠢ᠂ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠥᠮᠥᠭᠯᠡᠬᠦ ᠦᠭᠡᠢ ᠪᠠᠶᠢᠬᠤ ᠶᠢ ᠠᠬᠢᠭᠤᠯᠵᠤ᠂ ᠤᠯᠠᠨ ᠢ ᠲᠦᠢᠪᠡᠭᠡᠭᠴᠢ ᠶᠢ ᠡᠷᠡᠰ ᠠᠷᠢᠯᠭᠠᠵᠤ᠂ ᠦᠯᠡᠳᠡᠭᠳᠡᠯ ᠬᠤᠣᠷ ᠢ ᠲᠦᠢᠯᠪᠤᠷᠢᠲᠠᠢ ᠠᠷᠢᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠦᠨᠡᠨ ᠬᠦ ᠴᠡᠪᠡᠷᠰᠢᠭᠦᠯᠵᠦ᠂ ᠤᠯᠤᠰ ᠲᠦᠷᠦ ᠶᠢᠨ ᠠᠮᠢ ᠠᠬᠤᠢ ᠶᠢ ᠬᠦᠴᠦᠲᠡᠢ ᠴᠡᠪᠡᠷᠰᠢᠭᠦᠯᠬᠦ ᠬᠡᠷᠡᠭᠲᠡᠢ᠃ ᠬᠦᠨᠳᠦ ᠶᠡᠭᠡ ᠲᠦᠪᠡᠭ ᠪᠤᠳᠤᠯᠢᠶᠠᠨᠲᠠᠶ᠂ ᠭᠦᠨ ᠠᠭᠤᠳᠠᠯᠵᠤ ᠲᠦᠢᠯᠪᠤᠷᠢᠲᠠᠶ ᠪᠠᠶᠢᠴᠠᠭᠠᠬᠤ ᠳᠤ ᠬᠠᠷᠰᠢ ᠰᠠᠭᠠᠳ ᠶᠡᠬᠡᠲᠡᠶ᠂ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠴᠢᠳᠠᠭᠠᠳᠤᠢ ᠬᠡᠷᠡᠭ ᠤᠨ ᠰᠦᠪᠡᠭᠴᠢ ᠶᠢ ᠪᠡᠶ᠎ᠡ ᠪᠠᠷ ᠢᠶᠠᠨ ᠮᠥᠷᠳᠡᠨ ᠰᠢᠢᠳᠪᠦᠷᠢᠯᠡᠵᠦ᠂ ᠬᠠᠷᠰᠢ ᠰᠠᠭᠠᠳ ᠢ ᠠᠷᠢᠯᠭᠠᠨ᠂ ᠭᠦᠨᠵᠡᠭᠡᠶ ᠪᠠᠶᠢᠴᠠᠭᠠᠵᠤ ᠲᠤᠭᠤᠰᠢᠳᠠᠢ ᠪᠠᠶᠢᠴᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠡᠯ᠎ᠡ ᠲᠦᠷᠦᠯ ᠤᠨ ᠠᠰᠠᠭᠤᠳᠠᠯ ᠪᠣᠯᠤᠨ ︽ᠡᠪᠡᠳᠴᠢᠨ ᠤ ᠦᠨᠳᠤᠰᠤ︾᠎ ᠶᠢ ᠣᠨᠣᠪᠴᠢᠲᠠᠢ ᠪᠥᠭᠡᠳ ᠪᠣᠳᠠᠲᠠᠢ ᠡᠷᠢᠵᠦ᠂ ᠡᠯ᠎ᠡ ᠲᠠᠯ᠎ᠠ ᠶᠢᠨ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠠᠷᠬᠠᠭ ᠭᠡᠮ ᠢ ᠴᠡᠭᠴᠡᠯᠡᠨ ᠵᠠᠰᠠᠬᠤ ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠲᠦᠷᠦᠭᠦᠯᠡᠨ ᠭᠦᠨᠵᠡᠭᠡᠢ ᠰᠤᠳᠤᠯᠬᠤ ᠶᠢ ᠦᠷᠨᠢᠭᠦᠯᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠰᠲ᠋ᠧᠮ ᠪᠣᠯᠤᠨ ᠡᠩᠨᠡᠭᠡᠨ ᠤ ᠨᠡᠶᠢᠲᠡᠯᠢᠭ ᠴᠢᠨᠠᠷᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠶᠢ ᠴᠢᠬᠤᠯᠠᠴᠢᠯᠠᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠠᠷᠠᠯᠳᠠ ᠲᠠᠢ ᠪᠠᠷ ᠵᠠᠰᠠᠵᠤ᠂ ᠲᠤᠰᠬᠠᠢ ᠴᠡᠭᠴᠡᠯᠡᠨ ᠵᠠᠰᠠᠬᠤ ᠪᠠ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠤᠶᠠᠯᠳᠤᠭᠤᠯᠬᠤ ᠪᠠᠷ ᠳᠠᠮᠵᠢᠭᠤᠯᠤᠨ ᠢᠯᠠ ᠴᠢᠨᠠᠷᠲᠠᠢ ᠠᠰᠠᠭᠤᠳᠠᠯ ᠪᠣᠯᠤᠨ ᠭᠦᠨ ᠳᠠᠪᠬᠤᠷᠭ᠎ᠠ ᠶᠢᠨ ᠠᠰᠠᠭᠤᠳᠠᠯ ᠢ ᠵᠡᠷᠭᠡ ᠪᠠᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠵᠠᠰᠠᠬᠤ ᠪᠠᠶᠢᠭᠤᠯᠬᠤ ᠶᠢ ᠵᠡᠷᠭᠡ ᠪᠠᠷ ᠠᠳᠬᠤᠬᠤ ᠶᠢ ᠴᠢᠩᠭᠠᠳᠬᠠᠵᠤ᠂ ᠨᠢᠭᠡᠳᠦᠭᠡᠷ ᠪᠦᠯᠦᠭ ᠤᠨ ᠬᠥᠮᠦᠵᠢᠯ ᠴᠡᠭᠴᠡᠯᠡᠯᠲᠡ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠰᠢᠰᠲ᠋ᠧᠮ ᠲᠠᠢ ᠡᠮᠬᠢᠯᠡᠵᠦ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ ᠲᠦᠷᠢᠮ ᠲᠣᠭᠲᠠᠭᠠᠯ ᠲᠣᠭᠲᠠᠭᠠᠬᠤ ᠠᠵᠢᠯ ᠢ ᠵᠡᠷᠭᠡ ᠪᠠᠷ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠱᠠᠭᠠᠷᠳᠠᠯᠭ᠎ᠠ ᠳᠤ ᠨᠡᠶᠢᠴᠡᠭᠰᠡᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ ᠣᠨᠴᠠᠯᠢᠭ ᠢ ᠢᠯᠡᠷᠡᠭᠦᠯᠦᠭᠰᠡᠨ ᠲᠦᠷᠢᠮ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ