ᠠᠷᠠᠳ ᠤᠨ ᠠᠮᠢᠳᠤᠷᠠᠯ ᠢ ᠪᠠᠲᠤᠯᠠᠬᠤ ᠨᠡᠶᠢᠲᠡ ᠶᠢᠨ ᠬᠡᠷᠡᠭᠯᠡᠭᠡ ᠶᠢ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ  ᠵᠠᠩ ᠱᠣᠣ ᠴᠦᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/23

      9 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠣ ᠴᠦᠨ ᠬᠥᠬᠡᠬᠤᠲᠠ ᠳᠤ ᠴᠠᠬᠢᠯᠭᠠᠨ ᠬᠦᠴᠦᠨ ᠤ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃

      ᠵᠠᠩ ᠱᠣᠣ ᠴᠦᠨ ᠵᠢᠨᠴᠢᠶᠣᠣ ᠢᠯᠴᠢ ᠴᠠᠬᠢᠯᠭᠠᠨ ᠤ ᠦᠢᠯᠡᠳᠪᠦᠷᠢ ᠳᠤ ᠬᠦᠷᠴᠦ᠂ ᠴᠠᠬᠢᠯᠭᠠᠨ ᠤ ᠦᠢᠯᠡᠳᠪᠦᠷᠢ ᠶᠢᠨ ᠨᠡᠭᠦᠷᠡᠰᠦ ᠬᠠᠳᠠᠭᠠᠯᠠᠬᠤ᠂ ᠮᠠᠰᠢᠨ ᠴᠣᠭᠴᠠᠯᠠᠪᠤᠷᠢ ᠶᠢᠨ ᠠᠵᠢᠯᠯᠠᠭᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃  ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠶᠢᠨ ᠲᠣᠬᠢᠷᠠᠭᠤᠯᠤᠨ ᠡᠵᠡᠮᠳᠡᠬᠦ ᠲᠥᠪ ᠲᠤ᠂ ᠵᠠᠩ ᠱᠣᠣ ᠴᠦᠨ ᠴᠠᠬᠢᠯᠭᠠᠨ ᠬᠦᠴᠦᠨ ᠤ ᠲᠣᠬᠢᠷᠠᠭᠤᠯᠤᠨ ᠬᠢᠨᠠᠨ ᠡᠵᠡᠮᠳᠡᠬᠦ ᠶᠢ ᠲᠤᠬᠠᠢ ᠶᠢᠨ ᠲᠠᠯᠠᠪᠠᠢ ᠳᠤ ᠦᠵᠡᠵᠦ᠂ ᠴᠠᠬᠢᠯᠭᠠᠨ ᠲᠣᠣᠷ ᠤᠨ ᠠᠵᠢᠯᠯᠠᠭᠠᠨ ᠤ ᠠᠮᠤᠷ ᠲᠦᠪᠰᠢᠨ ᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠴᠠᠬᠢᠯᠭᠠᠨ ᠬᠦᠴᠦᠨ ᠤ ᠦᠢᠯᠡᠳᠪᠦᠷᠢᠯᠡᠯ ᠢ ᠰᠠᠶᠢᠲᠤᠷ ᠵᠣᠬᠢᠶᠠᠨ ᠪᠠᠶᠢᠭᠤᠯᠵᠤ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠨᠡᠮᠡᠭᠳᠡᠭᠦᠯᠵᠦ᠂ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠰᠠᠭᠤᠭᠠᠯᠢ ᠠᠷᠠᠳ ᠪᠣᠯᠣᠨ ᠨᠡᠶᠢᠭᠡᠮ ᠤᠨ ᠡᠯ᠎ᠡ ᠲᠥᠷᠥᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠵᠠᠩ ᠱᠣᠣ ᠴᠦᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠨᠧᠷᠭᠢ ᠶᠢᠨ ᠠᠮᠤᠷ ᠲᠦᠪᠰᠢᠨ ᠪᠣᠯᠣᠨ ᠲᠣᠭᠲᠠᠭᠤᠨ ᠬᠠᠩᠭᠠᠯᠭ᠎ᠠ ᠶᠢ ᠪᠠᠲᠤᠯᠠᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠲᠡ ᠶᠢᠨ ᠬᠡᠷᠡᠭᠯᠡᠭᠡ ᠶᠢ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠲᠣᠬᠢᠷᠠᠭᠤᠯᠤᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠴᠠᠬᠢᠯᠭᠠᠨ ᠤ ᠦᠨ᠎ᠡ ᠶᠢ ᠰᠢᠯᠤᠭᠤᠳᠬᠠᠬᠤ ᠲᠣᠭᠲᠠᠴᠠ ᠶᠢ ᠰᠤᠳᠤᠯᠤᠨ ᠲᠣᠭᠲᠠᠭᠠᠵᠤ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠳᠠᠷᠤᠯᠲᠠ ᠶᠢ ᠪᠦᠲᠦᠮᠵᠢᠲᠡᠢ ᠨᠠᠮᠳᠠᠭᠤᠯᠬᠤ ᠬᠡᠷᠡᠭᠲᠡᠢ᠃ ᠴᠠᠬᠢᠯᠭᠠᠨ ᠭᠠᠷᠭᠠᠬᠤ ᠨᠡᠭᠦᠷᠡᠰᠦᠨ ᠤ ᠳᠤᠮᠳᠠ ᠤᠷᠲᠤ ᠬᠤᠭᠤᠴᠠᠭᠠᠨ ᠤ ᠵᠥᠪᠯᠡᠯᠴᠡᠭᠡᠷ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ︽ᠣᠷᠭᠢᠯ ᠤᠨ ᠬᠤᠭᠤᠴᠠᠭ᠎ᠠ ᠶᠢ ᠤᠭᠲᠤᠨ ᠡᠪᠦᠯ ᠢ ᠥᠩᠭᠡᠷᠡᠭᠦᠯᠬᠦ︾ ᠬᠠᠮᠢᠶ᠎ᠠ ᠪᠦᠬᠦᠢ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠨᠧᠷᠭᠢ ᠶᠢᠨ ᠬᠠᠩᠭᠠᠯᠭ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ