ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ ᠱᠢ ᠲᠠᠢ ᠹᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠬᠢᠯᠡᠵᠦ ᠯᠢ ᠰᠢᠤ ᠯᠢᠩ ᠣᠷᠣᠯᠴᠠᠪᠠ
ᠨᠡᠶᠢᠲᠡᠯᠡᠭᠰᠡᠨ ᠴᠠᠭ᠄
2021/9/24
      9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠳᠤᠤᠷᠠᠬᠢ ᠮᠠᠨ ᠤ ᠣᠷᠣᠨ ᠤ ᠦᠨᠳᠦᠰᠦᠲᠡᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠣᠳᠣᠬᠢᠴᠢᠯᠠᠭᠰᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠬᠤ ᠬᠡᠷᠡᠭᠲᠡᠢ ᠭᠡᠵᠦ ᠲᠠᠶᠢᠴᠢᠯᠠᠯᠳᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
1.jpg
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠺᠣᠮᠠᠨᠳ᠋ᠯᠠᠭᠴᠢ ᠬᠤᠷᠠᠯ ᠳᠤ ᠣᠷᠣᠯᠴᠠᠵᠠᠶ᠃ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠢ ᠡᠷᠭᠢᠯᠡᠪᠡ᠃       ᠱᠢ ᠲᠠᠢ ᠹᠧᠩ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠪᠣᠯ ᠪᠢᠳᠡᠨ ᠤ ᠡᠷᠬᠡᠪᠰᠢ ᠰᠡᠳᠬᠢᠯ ᠳᠡᠭᠡᠨ ᠢᠮᠠᠭᠲᠠ ᠪᠤᠳᠤᠬᠤ ︽ᠤᠯᠤᠰ ᠤᠨ ᠶᠡᠭᠡ ᠶᠠᠪᠤᠳᠠᠯ︾ ᠮᠥᠨ᠃ ᠳᠤᠮᠳᠠᠳᠤ ᠶᠢᠨ ᠦᠨᠳᠦᠰᠦᠲᠡᠨ ᠬᠦᠴᠦᠷᠬᠡᠭᠵᠢᠭᠰᠡᠨ ᠥᠨᠥᠳᠦᠷ᠂ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠳᠤ ᠭᠦᠨᠵᠡᠭᠡᠶ ᠬᠤᠪᠢᠷᠠᠯᠲᠠ ᠭᠠᠷᠴᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠨᠠᠮ ᠤᠨ ᠦᠨᠳᠦᠰᠦᠲᠡᠨ ᠤ ᠠᠵᠢᠯ ᠳᠤ ᠴᠤ ᠱᠠᠲᠤ ᠦᠶᠡᠴᠢ ᠴᠢᠨᠠᠷᠲᠠᠶ ᠰᠢᠨ᠎ᠡ ᠣᠨᠴᠠᠯᠢᠭ ᠢᠯᠡᠷᠡᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠠᠲᠠᠶ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠶ᠃ ᠪᠢᠳᠡ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠪᠣᠯᠤᠨ ᠴᠢᠬᠤᠯᠠ ᠡᠭᠦᠷᠭᠡ ᠶᠢ ᠣᠨᠣᠪᠴᠢᠲᠠᠶ ᠡᠵᠡᠮᠳᠡᠵᠦ᠂ ᠠᠰᠠᠭᠤᠳᠠᠯ ᠤᠨ ᠵᠥᠷᠢᠶ᠎ᠡ ᠳᠤ ᠵᠥᠪ ᠢᠶᠠᠷ ᠬᠠᠨᠳᠤᠵᠤ᠂ ᠠᠶᠤᠯ ᠲᠦᠭᠰᠢᠭᠦᠷᠢ ᠬᠡᠮ ᠰᠣᠭᠤᠭ ᠢ ᠲᠣᠳᠣᠷᠬᠠᠶ ᠲᠠᠨᠢᠵᠤ᠂ ᠮᠠᠨ ᠤ ᠣᠷᠣᠨ ᠤ ᠦᠨᠳᠦᠰᠦᠲᠡᠨ ᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠨᠠᠩ ᠰᠢᠨᠵᠢᠯᠡᠬᠦ ᠤᠬᠠᠭᠠᠨᠴᠢ᠂ ᠣᠨᠣᠴᠠᠲᠠᠶ᠂ ᠦᠷ᠎ᠡ ᠪᠦᠲᠦᠮᠵᠢᠲᠡᠶ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠤ ᠭᠠᠷᠭᠠᠪᠠ᠃       ᠱᠢ ᠲᠠᠢ ᠹᠧᠩ᠂ ᠦᠨᠳᠦᠰᠦᠲᠡᠨ ᠤ ᠠᠵᠢᠯ ᠪᠣᠯ ᠤᠯᠤᠰ ᠲᠥᠷᠥ ᠶᠢᠨ ᠴᠢᠨᠠᠷ᠂ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠮᠠᠰᠢ ᠴᠢᠩᠭ᠎ᠠ ᠠᠵᠢᠯ ᠮᠥᠨ᠂ ᠨᠠᠮ ᠤᠨ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠬᠦ ᠨᠢ ᠡᠩ ᠲᠡᠷᠢᠭᠦᠨ ᠳᠤ ᠤᠯᠤᠰ ᠲᠥᠷᠥ ᠶᠢᠨ ᠱᠠᠭᠠᠷᠳᠠᠯᠭ᠎ᠠ ᠪᠣᠯᠬᠤ ᠪᠥᠭᠡᠳ ᠪᠠᠰᠠ ᠴᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠱᠠᠭᠠᠷᠳᠠᠯᠭ᠎ᠠ ᠪᠣᠯᠤᠨ᠎ᠠ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠵᠤ᠂ ᠡᠨᠡ ᠬᠦ ᠴᠢᠬᠤᠯᠠ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ᠂ ᠭᠤᠤᠯ ᠴᠢᠬᠤᠯᠠ ᠠᠭᠤᠯᠭ᠎ᠠ ᠪᠠ ᠦᠢᠯᠡᠳᠣᠯᠭᠡ ᠶᠢᠨ ᠱᠠᠭᠠᠷᠳᠠᠯᠭ᠎ᠠ ᠶᠢ ᠬᠦᠨᠵᠡᠭᠡᠢ ᠲᠠᠨᠢᠬᠤ ᠪᠠ ᠤᠨᠤᠪᠴᠢᠳᠠᠢ ᠡᠵᠡᠮᠳᠡᠵᠤ᠂ ᠰᠠᠶᠢᠳᠤᠷ ᠤᠢᠢᠯᠠᠭᠠᠵᠤ ᠲᠤᠭᠤᠷᠠᠳᠠᠯ᠎ᠡ ᠮᠡᠳᠡᠬᠦ᠂ ᠭᠦᠨᠵᠡᠭᠡᠶ ᠰᠤᠷᠤᠯᠴᠠᠵᠤ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠤᠷᠤᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠦᠷᠭᠦᠯᠵᠢᠯᠡᠨ ᠤᠶᠠᠯᠳᠤᠭᠤᠯᠵᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠲᠠᠯ᠎ᠠ ᠪᠠᠷ ᠦᠨᠡᠨ ᠬᠦ ᠴᠢᠷᠮᠠᠶᠢᠵᠤ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠦᠨᠳᠦᠰᠦᠲᠡᠨ ᠤ ᠠᠰᠠᠭᠤᠳᠠᠯ ᠢ ᠵᠠᠳᠠᠯᠤᠨ ᠰᠢᠢᠳᠪᠤᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠬᠠᠮᠰᠠᠷᠲᠤ ᠴᠢᠨᠠᠷ ᠰᠠᠨᠠᠭᠠᠴᠢᠯᠠᠭᠠᠲᠤ ᠴᠢᠨᠠᠷ ᠡᠷᠡᠰ ᠪᠠᠲᠤ ᠴᠢᠨᠠᠷ ᠢ ᠲᠠᠰᠤᠷᠠᠯᠳᠠ ᠦᠭᠡᠢ ᠴᠢᠩᠭᠠᠳᠬᠠᠵᠤ᠂ ᠦᠨᠡᠨ ᠶᠣᠰᠣᠨ ᠤ ᠬᠦᠴᠦᠨ ᠢ ᠬᠡᠷᠡᠭᠯᠡᠨ ᠮᠠᠨ ᠤ ᠣᠷᠣᠨ ᠤ ᠦᠨᠳᠦᠰᠦᠲᠡᠨ ᠤ ᠠᠵᠢᠯ ᠤᠨ ᠶᠡᠭᠡ ᠣᠷᠴᠢᠨ ᠲᠣᠭᠤᠷᠢᠨ ᠢ ᠰᠠᠶᠢᠵᠢᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠤᠷᠢᠯᠡᠬᠦ ᠵᠥᠪ ᠵᠠᠮ ᠢᠶᠠᠷ ᠭᠤᠶᠢᠪᠢᠰᠢ ᠦᠭᠡᠶ ᠵᠠᠮᠨᠠᠬᠤ ᠭᠡᠷᠡᠭᠳᠠᠢ ᠭᠡᠵᠤ ᠴᠢᠬᠤᠯᠠᠴᠢᠯᠠᠪᠠ᠃       ᠱᠢ ᠲᠠᠢ ᠹᠧᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠦᠢᠯᠡᠳᠣᠯᠭᠡ ᠶᠢᠨ ᠱᠠᠭᠠᠷᠳᠠᠯᠭ᠎ᠠ ᠶᠢ ᠤᠶᠢᠯᠠᠭᠠᠨ ᠡᠵᠡᠮᠰᠢᠬᠦ ᠶᠢ ᠭᠦᠨᠵᠡᠭᠡᠶᠢᠷᠡᠭᠦᠯᠵᠦ᠂ ᠡᠨᠡ ᠬᠦ ᠭᠤᠤᠯ ᠰᠢᠵᠢᠮ ᠢ ᠦᠨᠡᠨ ᠬᠦ ᠦᠨᠳᠦᠰᠦᠲᠡᠨ ᠤ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠪᠣᠶ ᠪᠥᠬᠦᠶ ᠠᠵᠢᠯ ᠢ ᠴᠥᠮ ᠡᠭᠦᠨ ᠳᠤ ᠲᠥᠪᠯᠡᠷᠡᠭᠦᠯᠬᠦ ᠬᠡᠷᠡᠭᠲᠡᠶ᠃ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠪᠠ ᠦᠨᠳᠦᠰᠦᠲᠡᠨ ᠨᠦᠭᠦᠳ ᠤᠨ ᠤᠬᠠᠮᠰᠠᠷ ᠤᠨ ᠬᠠᠷᠢᠴᠠᠭ᠎ᠠ᠂ ᠳᠤᠮᠳᠠᠳᠤ ᠶᠢᠨ ᠰᠣᠶᠣᠯ ᠪᠠ ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ᠂ ᠪᠣᠳᠠᠰ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠢᠶᠠᠷ ᠡᠵᠡᠮᠰᠢᠵᠦ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤ ᠪᠤᠷᠤᠭᠤ ᠭᠠᠷᠭᠠᠬᠤ ᠦᠭᠡᠢ᠂ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠳᠤ ᠶᠠᠩᠵᠤ ᠶᠢ ᠨᠢ ᠥᠭᠡᠷᠡᠲᠦᠭᠦᠯᠬᠦ ᠦᠭᠡᠢ᠂ ᠦᠨᠳᠦᠰᠦᠲᠡᠨ ᠤ ᠠᠵᠢᠯ ᠢ ᠠᠬᠢᠭᠤᠯᠬᠤ ᠳᠤ ᠬᠡᠯᠪᠠᠶᠢᠬᠦ ᠦᠭᠡᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠤᠰ ᠠᠷᠠᠳ ᠤᠨ ᠰᠤᠷᠭᠠᠨ ᠬᠥᠮᠦᠵᠢᠯ᠂ ᠶᠣᠰᠣ ᠰᠤᠷᠲᠠᠬᠤᠨ ᠤ ᠪᠠᠶᠢᠭᠤᠯᠤᠯᠲᠠ᠂ ᠰᠣᠶᠣᠯ ᠤᠨ ᠡᠭᠦᠳᠦᠯᠲᠡ ᠪᠠ ᠦᠢᠯᠡᠳᠪᠦᠷᠢᠯᠡᠯ ᠠᠮᠢᠳᠤᠷᠠᠯ ᠳᠤ ᠠᠭᠤᠰᠤᠯᠴᠠᠭᠤᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠲᠦᠷᠪᠡᠨ ᠬᠠᠮᠲᠤ ᠪᠠᠷ︾ ᠤᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠬᠤ ᠬᠡᠷᠡᠭᠲᠡᠢ᠃ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠬᠠᠮᠠᠭᠠᠯᠠᠯᠲᠠ᠂ ᠴᠢᠨᠠᠷ ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠬᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠢᠯᠢ ᠬᠢᠵᠠᠭᠠᠷ ᠤᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠤᠬᠠᠮᠰᠠᠷ ᠠᠴᠠ ᠪᠠᠨ ᠶᠡᠭᠡ ᠲᠠᠯ᠎ᠠ ᠶᠢ ᠡᠷᠬᠢᠮᠯᠡᠵᠦ᠂ ᠬᠦᠨᠳᠦ ᠬᠠᠷᠢᠭᠤᠴᠠᠯᠭ᠎ᠠ ᠡᠭᠦᠷᠭᠡᠯᠡᠵᠦ᠂ ᠬᠤᠪᠢ ᠨᠡᠮᠡᠷᠢ ᠦᠵᠡᠭᠦᠯᠬᠦ ᠬᠡᠷᠡᠭᠲᠡᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ᠂ ᠲᠦᠷᠢᠮ ᠤᠨ ᠪᠠᠲᠤᠯᠠᠭ᠎ᠠ ᠪᠣᠯᠤᠨ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠨᠥᠬᠦᠴᠡᠯ ᠢ ᠴᠢᠷᠮᠠᠶᠢᠨ ᠡᠭᠦᠳᠴᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠢ ᠪᠠᠷ ᠬᠥᠭᠵᠢᠬᠦ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠬᠠᠤᠯᠢᠵᠢᠯ ᠤᠨ ᠵᠠᠮ ᠳᠡᠭᠡᠷ᠎ᠡ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠵᠦ᠂ ᠡᠯ᠎ᠡ ᠲᠦᠷᠦᠯ ᠤᠨ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠡᠷᠡᠰ ᠰᠢᠭᠤᠷᠬᠠᠢ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠦᠨᠳᠦᠰᠦᠲᠡᠨ ᠤ ᠠᠵᠢᠯ ᠪᠣᠯᠤᠨ ᠦᠨᠳᠦᠰᠦᠲᠡᠨ ᠤ ᠠᠰᠠᠭᠤᠳᠠᠯ ᠢ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠭᠦᠢᠴᠡᠳᠭᠡᠬᠦ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠢ ᠪᠦᠬᠦ ᠲᠠᠯ᠎ᠠ ᠶᠢᠨ ᠠᠵᠢᠯ ᠤᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠵᠠᠷᠴᠢᠮ ᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
2.jpg
      ᠸᠠᠩ ᠯᠢ ᠰᠢᠶᠠ ᠬᠤᠷᠠᠯ ᠡᠷᠬᠢᠯᠡᠬᠦ ᠳᠡᠭᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ ᠲᠤᠭᠤᠰᠢᠯᠠᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠭᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠲᠠᠢ ᠰᠡᠳᠬᠢᠯ ᠵᠢᠷᠦᠬᠡ ᠪᠠᠨ ᠬᠤᠯᠪᠣᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠂ ᠲᠡᠦᠬᠡᠨ ᠡᠭᠦᠷᠭᠡᠲᠦ ᠰᠡᠳᠬᠢᠯᠭᠡ ᠪᠠ ᠪᠣᠳᠠᠲᠤ ᠠᠬᠤᠶ ᠶᠢᠨ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠠᠵᠢᠯ ᠢᠶᠠᠨ ᠴᠢᠩᠭᠠᠳᠬᠠᠨ ᠰᠠᠶᠢᠵᠢᠷᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠢᠮᠠᠭᠲᠠ ᠰᠠᠶᠢᠲᠤᠷ ᠬᠠᠮᠠᠭᠠᠯᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠳ᠋ᠤᠸᠠᠨ ᡁᠢ ᠴᠢᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠪᠦᠬᠦ ᠣᠷᠣᠨ ᠳᠠᠶᠠᠭᠠᠷ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠲᠠᠭᠡᠷ᠎ᠠ ᠦᠨᠡᠨᠬᠦ ᠨᠢᠭᠡᠳᠬᠡᠵᠦ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠭᠦᠨ ᠳᠠᠪᠬᠤᠷᠭ᠎ᠠ ᠶᠢᠨ ᠦᠵᠡᠯ ᠰᠠᠨᠠᠭ᠎ᠠ ᠲᠠᠨᠢᠯᠲᠠ ᠶᠢᠨ ᠠᠰᠠᠭᠤᠳᠠᠯ ᠢ ᠰᠢᠢᠳᠪᠤᠷᠢᠯᠡᠬᠦ ᠶᠢ ᠠᠬᠢᠭᠤᠯᠵᠦ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠨᠳᠦᠰᠦᠲᠡᠨ ᠤ ᠬᠦᠷᠢᠶᠡᠨ ᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠲᠡᠨ ᠤ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠦᠬᠦ ᠬᠦᠴᠦᠨ ᠢᠶᠠᠷ ᠢᠶᠠᠨ ᠪᠠᠲᠤ ᠴᠣᠭᠴᠠᠯᠠᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠬᠠᠨ ᠬᠠᠮᠠᠭᠠᠯᠠᠵᠤ᠂ ᠰᠠᠶᠢᠲᠤᠷ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
3.jpg
4.jpg  
5.jpg
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠨᠤᠤᠷᠠᠭ ᠢ ᠶᠠᠷᠢᠯᠴᠠᠪᠠ᠃       ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ