ᠦᠬᠠᠶ ᠬᠤᠲᠠ᠄ ᠨᠢᠷᠠᠢ ᠬᠡᠤᠬᠡᠳ ᠢ ᠡᠮᠨᠡᠯᠭᠡ ᠠᠴᠠ ᠡᠷᠦᠬᠡ ᠠᠮᠠ ᠳᠤ ᠣᠷᠣᠭᠤᠯᠴᠢᠬᠠᠨ᠎ᠠ
ᠨᠡᠶᠢᠲᠡᠯᠡᠭᠰᠡᠨ ᠴᠠᠭ᠄
2021/9/24
     ︽ᠬᠡᠦᠬᠡᠳ ᠤᠨ ᠢᠶᠠᠨ ᠶᠠᠪᠤᠳᠠᠯ ᠢ ᠭᠠᠭᠴᠠᠬᠠᠨ ᠤᠳᠠᠭ᠎ᠠ ᠳᠤ ᠪᠥᠬᠦᠳᠡ ᠶᠢ ᠪᠦᠲᠦᠭᠡᠴᠢᠬᠡᠬᠦ ᠮᠥᠷᠲᠡᠭᠡᠨ ᠬᠡᠳᠦᠬᠡᠨ ᠮᠢᠨᠦ᠋ᠲ ᠯᠡ ᠬᠡᠷᠡᠭᠰᠡᠪᠡ᠃︾ 9 ᠳ᠋ᠦ᠋ᠭᠡᠷ ᠰᠠᠷ᠎ᠠ ᠶᠢᠨ 7 ᠤ ᠡᠳᠦᠷ᠂ ᠬᠤᠲᠠ ᠶᠢᠨ ᠢᠷᠭᠡᠨ ᠴᠧᠨ ᠬᠤᠶ ᠬᠤᠲᠠ ᠶᠢᠨ ᠬᠡᠤᠬᠡᠳ ᠤᠨ ᠡᠮᠨᠡᠯᠭᠡ ᠳᠤ ᠬᠡᠤᠬᠡᠳ ᠢᠶᠠᠨ ᠡᠷᠦᠬᠡ ᠠᠮᠠ ᠳᠤ ᠣᠷᠣᠭᠤᠯᠪᠠ᠃ ᠬᠡᠦᠬᠡᠳ ᠢ ᠲᠥᠷᠥᠮᠡᠭᠴᠡ ᠰᠤᠪᠢᠯᠠᠭᠴᠢ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ ᠡᠮᠨᠡᠯᠭᠡ ᠶᠢᠨ ᠨᠢᠷᠠᠶ ᠬᠡᠦᠬᠡᠳ ᠤᠨ ᠡᠷᠦᠬᠡ ᠠᠮᠠ ᠶᠢᠨ ᠬᠠᠷᠢᠶᠠᠨ ᠤ ᠠᠯᠪᠠᠨ ᠭᠡᠷ ᠲᠤ ᠡᠷᠦᠬᠡ ᠠᠮᠠ ᠳᠤ ᠣᠷᠣᠭᠤᠯᠵᠤ ᠪᠣᠯᠤᠨ᠎ᠠ ᠭᠡᠵᠦ ᠴᠧᠨ ᠠᠪᠤᠭᠠᠢ ᠳᠤ ᠲᠤᠰᠬᠠᠶᠢᠯᠠᠨ ᠬᠡᠯᠡᠵᠦ ᠥᠭᠪᠡ᠃ ᠡᠨᠡ ᠨᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠠᠳ ᠲᠤ ᠲᠥᠬᠦᠮ ᠦᠵᠡᠭᠦᠯᠬᠦ‍ ᠨᠢᠭᠡ ᠵᠦᠢᠯ ᠤᠨ ᠦᠢᠯᠡᠴᠢᠯᠡᠭᠡ ᠪᠣᠯᠤᠨ᠎ᠠ᠃      ᠬᠡᠦᠬᠡᠳ ᠲᠥᠷᠥᠭᠰᠡᠨ ᠤ ᠳᠠᠷᠠᠭ᠎ᠠ ᠳᠠᠩᠰᠠᠯᠠᠭᠤᠯᠬᠤ ᠪᠠᠷ ᠮᠡᠳᠡᠭᠦᠯᠬᠦ ᠪᠣᠯ ᠠᠶᠢᠯ ᠪᠣᠯᠭᠠᠨ ᠳᠤ ᠲᠣᠬᠢᠶᠠᠯᠳᠤᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯ ᠪᠣᠯᠤᠨ᠎ᠠ᠃ ᠥᠩᠭᠡᠷᠡᠭᠰᠡᠨ ᠳᠤ ᠨᠢᠷᠠᠢ ᠬᠡᠤᠬᠡᠳ ᠢ ᠡᠷᠦᠬᠡ ᠳᠤ ᠣᠷᠣᠭᠤᠯᠬᠤ ᠳᠤ ᠬᠠᠷᠠᠭᠠᠯᠵᠠᠭᠴᠢ ᠨᠢ ᠨᠢᠷᠠᠢ ᠬᠡᠤᠬᠡᠳ ᠤᠨ ︽ᠲᠥᠷᠥᠭᠰᠡᠨ ᠤ ᠠᠨᠠᠭᠠᠬᠤ ᠤᠬᠠᠭᠠᠨ ᠤ ᠭᠡᠷᠡᠴᠢᠯᠡᠭᠡ︾᠂ ᠣᠷᠤᠭ ᠤᠨ ᠪᠠᠲᠤᠯᠠᠪᠤᠷᠢ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠵᠢᠴᠢ ᠨᠢᠷᠠᠢ ᠬᠡᠤᠬᠡᠳ ᠤᠨ ᠡᠷᠦᠬᠡ ᠳᠤ ᠮᠡᠳᠡᠭᠦᠯᠬᠦ ᠳᠡᠪᠲᠡᠷ ᠢᠶᠠᠨ ᠠᠪᠴᠤ᠂ ᠡᠷᠦᠬᠡ ᠳᠤ ᠣᠷᠣᠭᠤᠯᠬᠤ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠦᠬᠡ ᠠᠮᠠ ᠶᠢᠨ ᠲᠠᠩᠰᠠ ᠶᠢᠨ ᠴᠣᠩᠬᠤᠪᠴᠢ ᠳᠤ ᠬᠦᠷᠴᠦ ᠭᠦᠢᠴᠡᠳᠬᠡᠬᠦ ᠬᠡᠷᠡᠭᠲᠡᠶ᠃ 8 ᠳ᠋ᠤᠭᠠᠷ ᠰᠠᠷ᠎ᠠ ᠶᠢᠨ 19 ᠤ ᠡᠳᠦᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠶᠢᠨ ᠬᠡᠤᠬᠡᠳ ᠤᠨ ᠡᠮᠨᠡᠯᠭᠡ ᠳᠤ ᠨᠢᠷᠠᠢ ᠬᠡᠤᠬᠡᠳ ᠤᠨ ᠡᠷᠦᠬᠡ ᠠᠮᠠ ᠶᠢᠨ ᠬᠠᠷᠢᠶᠠᠨ ᠤ ᠠᠯᠪᠠᠨ ᠬᠡᠷ ᠲᠣᠬᠢᠷᠠᠭᠤᠯᠵᠤ᠂ ᠢᠷᠭᠡᠳ ᠬᠤᠲᠠ ᠶᠢᠨ ᠬᠡᠤᠬᠡᠳ ᠤᠨ ᠡᠮᠨᠡᠯᠭᠡ ᠳᠤ ᠨᠢᠷᠠᠢ ᠬᠡᠤᠬᠡᠳ ᠤᠨ ᠲᠥᠷᠥᠭᠰᠡᠨ ᠤ ᠭᠡᠷᠡᠴᠢᠯᠡᠭᠡ᠂ ᠡᠷᠦᠬᠡ ᠶᠢᠨ ᠳᠠᠩᠰᠠᠯᠠᠯᠲᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠡᠩᠰᠡᠯᠡᠯᠲᠡ ᠵᠡᠷᠭᠡ ᠭᠤᠷᠪᠠᠨ ᠵᠦᠢᠯᠡᠰ ᠢ ︽ᠨᠢᠭᠡ ᠯᠡ ᠥᠷᠲᠡᠭᠡᠨ ᠤ ᠬᠡᠯᠪᠡᠷᠢ︾ ᠪᠠᠷ ᠭᠦᠢᠴᠡᠳᠬᠡᠵᠦ ᠪᠣᠯᠬᠤ ᠪᠣᠯᠪᠠ᠃      ︽ᠥᠨᠥ ᠦᠳᠡ ᠶᠢᠨ ᠡᠮᠦᠨ᠎ᠡ ᠨᠡᠶᠢᠲᠡ 7 ᠨᠢᠷᠠᠢ ᠬᠡᠦᠬᠡᠳ ᠢ ᠡᠷᠦᠬᠡ ᠠᠮᠠ ᠳᠤ ᠣᠷᠣᠭᠤᠯᠬᠤ ᠭᠠᠷᠳᠠᠮ ᠭᠦᠢᠴᠡᠳᠬᠡᠵᠡᠢ᠃ ᠡᠮᠨᠡᠯᠭᠡ ᠳᠤ ᠪᠠᠶᠢᠭᠤᠯᠤᠭᠰᠠᠨ ᠨᠢᠷᠠᠶ ᠬᠡᠦᠬᠡᠳ ᠤᠨ ᠡᠷᠦᠬᠡ ᠠᠮᠠ ᠶᠢᠨ ᠬᠠᠷᠢᠶᠠᠨ ᠤ ᠠᠯᠪᠠᠨ ᠭᠡᠷ ᠲᠤ᠂ ᠬᠡᠦᠬᠡᠳ ᠤᠨ ᠡᠴᠢᠭᠡ ᠡᠬᠡ ᠨᠢ ᠲᠥᠷᠥᠭᠰᠡᠨ ᠤ ᠭᠡᠷᠡᠴᠢᠯᠡᠭᠡ ᠬᠢᠯᠭᠡᠭᠰᠡᠨ ᠤ ᠳᠠᠷᠠᠭ᠎ᠠ᠂ ᠨᠢᠷᠠᠶ ᠬᠡᠦᠬᠡᠳ ᠢ ᠡᠷᠦᠬᠡ ᠠᠮᠠ ᠳᠤ ᠣᠷᠣᠭᠤᠯᠬᠤ ᠭᠠᠷᠳᠠᠮ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠠᠩᠰᠠᠯᠠᠯᠲᠠ ᠶᠢ ᠰᠢᠭᠤᠳ ᠬᠢᠵᠦ ᠪᠣᠯᠤᠨ᠎ᠠ᠃ ᠭᠤᠷᠪᠠᠨ ᠶᠠᠪᠤᠳᠠᠯ ᠢ ᠨᠢᠭᠡ ᠯᠡ ᠥᠷᠲᠡᠭᠡᠨ ᠤ ᠬᠡᠯᠪᠡᠷᠢ ᠪᠠᠷ ᠭᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠲᠦᠮᠵᠢ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠭᠰᠡᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠣᠳᠣᠬᠠᠨ ᠳᠤ᠂ ᠮᠠᠨ ᠤ ᠬᠤᠲᠠ ᠶᠢᠨ 40 ᠭᠠᠷᠤᠶ ᠨᠢᠷᠠᠶ ᠬᠡᠤᠬᠡᠳ ᠤᠨ ᠡᠴᠢᠭᠡ ᠡᠬᠡ ᠨᠢ ᠡᠮᠨᠡᠯᠭᠡ ᠠᠴᠠ ᠬᠡᠤᠬᠡᠳ ᠤᠨ ᠢᠶᠠᠨ ᠡᠷᠦᠬᠡ ᠠᠮᠠ ᠳᠤ ᠣᠷᠣᠭᠤᠯᠬᠤ ᠶᠢᠨ ᠲᠥᠬᠦᠮ ᠦᠢᠯᠡᠴᠢᠯᠡᠭᠡ ᠡᠳ᠋ᠯᠡᠵᠦ ᠪᠠᠶᠢᠨ᠎ᠠ︾ ᠭᠡᠵᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭ᠎ᠠ ᠯᠢ ᠬᠤᠶ ᡁᠢ ᠬᠡᠯᠡᠵᠡᠶ᠃      ᠨᠢᠳᠤᠨᠤᠨ ᠨᠢᠭᠡ ᠵᠢᠯ ᠳᠤ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠳᠤ ᠨᠡᠶᠢᠲᠡ 4000 ᠭᠠᠷᠤᠶ ᠬᠡᠦᠬᠡᠳ ᠲᠥᠷᠥᠵᠦ᠂ ᠪᠥᠬᠦ ᠬᠤᠲᠠ ᠶᠢᠨ ᠲᠥᠷᠥᠭᠰᠡᠨ ᠬᠥᠮᠦᠨ ᠤ 80% ᠠᠴᠠ ᠳᠡᠭᠡᠭᠰᠢᠬᠢ ᠶᠢ ᠡᠵᠡᠯᠡᠵᠡᠶ᠃ ᠡᠭᠦᠨ ᠳᠤ ᠡᠷᠦᠬᠡ ᠠᠮᠠ ᠳᠤ ᠣᠷᠣᠬᠤ ᠨᠥᠬᠦᠴᠡᠯ ᠳᠤ ᠨᠡᠶᠢᠴᠡᠬᠦ ᠨᠢ ᠪᠠᠷᠤᠭ 3000 ᠭᠠᠷᠤᠶ ᠬᠥᠮᠦᠨ ︵ᠲᠣᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠲᠠᠢ︶ ᠪᠠᠶᠢᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠷᠠᠢ ᠬᠡᠤᠬᠡᠳ ᠤᠨ ᠲᠥᠷᠥᠭᠰᠡᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠨᠢᠷᠠᠢ ᠬᠡᠤᠬᠡᠳ ᠤᠨ ᠡᠷᠦᠬᠡ ᠠᠮᠠ ᠶᠢᠨ ᠬᠠᠷᠢᠶᠠᠨ ᠤ ᠠᠯᠪᠠᠨ ᠬᠡᠷ ᠢ ᠬᠤᠲᠠ ᠶᠢᠨ ᠬᠡᠤᠬᠡᠳ ᠤᠨ ᠡᠮᠨᠡᠯᠭᠡ ᠳᠤ ᠲᠣᠬᠢᠷᠠᠭᠤᠯᠵᠤ᠂ ᠨᠠᠩ ᠣᠯᠠᠨ ᠬᠥᠮᠥᠰ ᠤᠨ ᠡᠷᠦᠬᠡ ᠠᠮᠠ ᠳᠤ ᠣᠷᠣᠭᠤᠯᠬᠤ ᠳᠤ ︽ᠭᠦᠶᠦᠯᠭᠡᠬᠦ ᠥᠬᠡᠶ︾ ᠪᠣᠯᠭᠠᠪᠠ᠃      ︽ᠡᠮᠨᠡᠯᠭᠡ ᠠᠴᠠ ᠡᠷᠦᠬᠡ ᠳᠤ ᠣᠷᠣᠭᠤᠯᠬᠤ ᠶᠢ ᠰᠣᠩᠭᠤᠬᠤ ᠠᠴᠠ ᠭᠠᠳᠠᠨ᠎ᠠ᠂ ᠬᠤᠲᠠ ᠶᠢᠨ ᠢᠷᠭᠡᠨ ᠥᠪᠡᠷ ᠤᠨ ᠪᠠᠶᠢᠳᠠᠯ ᠢᠶᠠᠨ ᠦᠨᠳᠦᠰᠦᠯᠡᠨ᠂ ᠡᠯ᠎ᠡ ᠲᠣᠮᠢᠯᠠᠭᠰᠠᠨ ᠰᠠᠯᠪᠤᠷᠢ ᠪᠠ ᠵᠠᠰᠠᠭ ᠤᠨ ᠶᠠᠪᠤᠳᠠᠯ ᠤᠨ ᠲᠢᠩᠬᠢᠮ ᠳᠤ ᠨᠢᠷᠠᠢ ᠬᠡᠤᠬᠡᠳ ᠢᠶᠠᠨ ᠡᠷᠦᠬᠡ ᠠᠮᠠ ᠳᠤ ᠣᠷᠣᠭᠤᠯᠵᠤ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠰᠦᠯᠵᠢᠶᠡᠨ ᠳᠡᠭᠡᠷ᠎ᠡ ᠭᠦᠢᠴᠡᠳᠬᠡᠬᠦ ᠶᠢ ᠢᠳᠡᠪᠬᠢᠲᠡᠶ ᠠᠬᠢᠭᠤᠯᠵᠤ᠂ ᠦᠬᠠᠶ ᠶᠢᠨ 24 ᠴᠠᠭ ᠤᠨ ᠴᠠᠭᠳᠠᠭᠠᠨ ᠤ ᠲᠣᠪᠴᠢᠶ᠎ᠠ᠂ ᠮᠥᠩᠬᠡ ᠰᠤᠪᠠᠭ ᠵᠡᠷᠭᠡ ᠪᠠᠷ ᠳᠠᠮᠵᠢᠭᠤᠯᠤᠨ᠂ ᠣᠯᠠᠨ ᠲᠦᠮᠡᠨ ᠢ ᠬᠠᠪᠰᠤᠷᠤᠨ ᠰᠦᠯᠵᠢᠶᠡᠨ ᠳᠡᠭᠡᠷ᠎ᠡ ᠨᠢᠷᠠᠢ ᠬᠡᠤᠬᠡᠳ ᠤᠨ ᠲᠤᠬᠠᠶ ᠤᠴᠢᠷ ᠶᠠᠪᠤᠳᠠᠯ ᠢ ᠮᠡᠳᠡᠭᠦᠯᠵᠦ᠂ ᠨᠢᠷᠠᠢ ᠬᠡᠤᠬᠡᠳ ᠤᠨ ᠶᠠᠪᠤᠳᠠᠯ ᠢ ᠭᠦᠢᠴᠡᠳᠬᠡᠬᠦ ᠵᠢᠷᠤᠮ ᠢ ᠤᠯᠠᠮ ᠨᠢᠭᠡ ᠠᠯᠬᠤᠮ ᠳᠥᠭᠦᠮᠴᠢᠯᠡᠵᠦ᠂ ᠨᠠᠩ ᠳᠥᠭᠦᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠨ᠎ᠠ︾ ᠭᠡᠵᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠳᠦᠰᠦᠨ ᠱᠠᠲᠤᠨ ᠤ ᠰᠠᠭᠤᠷᠢ ᠠᠵᠢᠯ ᠤᠨ ᠰᠠᠯᠪᠤᠷᠢ ᠠᠩᠭᠢ ᠶᠢᠨ ᠴᠠᠭᠳᠠᠭ᠎ᠠ ᠭᠧ ᠷᠦᠢ ᠬᠡᠯᠡᠵᠡᠶ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ