ᠱᠢ ᠲᠠᠢ ᠹᠧᠩ᠄ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠪᠡᠶ᠎ᠠ ᠪᠠᠷ ᠢᠶᠠᠨ ᠲᠦᠷᠦᠭᠦᠯᠡᠨ ᠦᠨᠡᠨ ᠬᠦ ᠠᠳᠬᠤᠨ ᠪᠣᠳᠠᠲᠠᠢ ᠠᠵᠢᠯᠯᠠᠵᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠢ ᠥᠷᠨᠢᠭᠦᠯᠵᠦ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/9/26

      9 ᠰᠠᠷ᠎ᠠ ᠶᠢᠨ 24 ᠤ ᠡᠲᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠲᠤ ᠪᠠᠷ ᠶᠠᠷᠢᠯᠴᠠᠵᠦ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠳᠠᠭᠠᠭᠤᠯᠤᠭᠴᠢ ᠶᠢᠨ ᠦᠢᠯᠡᠳᠣᠯ ᠢᠶᠠᠨ ᠭᠦᠢᠴᠡᠳ ᠪᠠᠳᠠᠷᠠᠭᠤᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠦ᠂ ᠪᠡᠶ᠎ᠠ ᠪᠠᠷ ᠢᠶᠠᠨ ᠲᠦᠷᠦᠭᠦᠯᠡᠨ ᠦᠨᠡᠨ ᠬᠦ ᠠᠳᠬᠤᠵᠤ ᠪᠣᠳᠠᠲᠠᠶ ᠠᠵᠢᠯᠯᠠᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶ ᠥᠷᠨᠢᠭᠦᠯᠬᠦ ᠶᠢ ᠴᠢᠷᠮᠠᠶᠢᠨ ᠠᠬᠢᠭᠤᠯᠵᠦ᠂ ᠵᠢᠱᠢᠭᠰᠡᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃


1-1.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠵᠡᠶ᠃
      ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠴᠢᠬᠤᠯᠠ ᠤᠳᠤᠷᠢᠳᠬᠤ ᠬᠠᠷᠢᠭᠤᠴᠠᠯᠭ᠎ᠠ ᠪᠣᠯᠤᠨ ᠵᠢᠱᠢᠶ᠎ᠡ ᠦᠵᠡᠭᠦᠯᠬᠦ ᠬᠠᠷᠢᠭᠤᠴᠠᠯᠭ᠎ᠠ ᠡᠭᠦᠷᠭᠡᠯᠡᠵᠦ ᠪᠠᠶᠢᠳᠠᠭ᠂ ᠡᠨᠡ ᠪᠣᠯ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠡᠮ ᠠᠷᠬᠠᠭ ᠢ ᠴᠡᠭᠴᠡᠯᠡᠨ ᠵᠠᠰᠠᠬᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢᠨ ᠵᠠᠩᠭᠢᠯᠠᠭ᠎ᠠ ᠪᠣᠯᠤᠨ᠎ᠠ᠃ ᠡᠯ᠎ᠡ ᠤᠳᠤᠷᠢᠳᠬᠤ ᠪᠠᠭ ᠤᠨ ᠪᠦᠷᠢᠯᠳᠦᠬᠦᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠪᠤᠰᠤᠳ ᠢ ᠲᠦᠪ ᠴᠢᠭᠡᠴᠢ ᠪᠤᠯᠭᠠᠬᠤ ᠳᠤ ᠤᠷᠢᠳ ᠢᠶᠠᠷ ᠥᠪᠡᠷ ᠢ ᠪᠠᠨ ᠲᠥᠪ ᠪᠣᠯᠭᠠᠵᠤ᠂ ᠴᠠᠭᠳᠠᠭ᠎ᠠ ᠶᠢ ᠵᠠᠰᠠᠬᠤ ᠳᠤ ᠤᠷᠢᠳ ᠢᠶᠠᠷ ᠳᠠᠷᠤᠭ᠎ᠠ ᠶᠢ ᠵᠠᠰᠠᠬᠤ ᠶᠢ ᠪᠠᠷᠢᠮᠲᠠᠯᠠᠵᠤ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠦᠪᠡᠷ ᠢ ᠪᠠᠨ ᠲᠦᠪ ᠪᠤᠯᠭᠠᠵᠤ᠂ ᠲᠦᠷᠦᠭᠦᠯᠡᠨ ᠥᠪᠡᠷ ᠢ ᠪᠠᠨ ᠵᠠᠳᠠᠯᠵᠤ᠂ ᠭᠦᠨᠵᠡᠭᠡᠢ ᠵᠢᠭᠰᠠᠭᠠᠨ ᠪᠠᠶᠢᠴᠠᠭᠠᠵᠤ᠂ ᠲᠦᠷᠦᠭᠦᠯᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠳᠤ ᠰᠠᠶᠢᠨ ᠬᠡᠪ ᠳᠠᠭᠤᠷᠢᠶᠠᠯ᠂ ᠰᠠᠶᠢᠨ ᠦᠯᠢᠭᠡᠷ ᠵᠢᠱᠢᠶ᠎ᠠ ᠪᠤᠯᠵᠤ᠂ ᠥᠷᠭᠡᠨ ᠤᠯᠠᠨ ᠺᠠᠳ᠋ᠷ ᠴᠠᠭᠳᠠᠭ᠎ᠠ ᠶᠢ ᠬᠦᠲᠦᠯᠦᠨ ᠲᠠᠭᠠᠭᠤᠯᠵᠦ ᠬᠥᠮᠦᠵᠢᠯ ᠴᠡᠭᠴᠡᠯᠡᠯᠲᠡ ᠶᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢ ᠨᠢ ᠴᠢᠩᠭᠠᠳᠬᠠᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠡᠨᠡ ᠤᠲᠠᠭᠠᠨ ᠤ ᠠᠵᠢᠯᠯᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠭᠤᠣᠯ ᠬᠠᠷᠢᠭᠤᠴᠠᠯᠭᠠᠲᠠᠨ ᠨᠥᠬᠦᠳ ᠡᠮᠦᠨ᠎ᠠ ᠹᠷᠤᠨᠲ ᠲᠤ ᠤᠴᠢᠵᠤ ᠵᠢᠯᠣᠭᠤᠳᠤᠨ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠤᠳᠤᠷᠢᠳᠤᠨ ᠳᠠᠭᠠᠭᠤᠯᠬᠤ ᠪᠦᠬᠡᠳ ᠠᠶᠠᠨ ᠳᠤ ᠮᠣᠷᠳᠠᠵᠤ᠂ ᠴᠢᠬᠤᠯᠠ ᠠᠵᠢᠯ᠂ ᠴᠢᠬᠤᠯᠠ ᠶᠡᠭᠡ ᠠᠰᠠᠭᠤᠳᠠᠯ᠂ ᠴᠢᠬᠤᠯᠠ ᠭᠤᠭᠴᠤᠭ᠎ᠠ᠂ ᠴᠢᠬᠤᠯᠠ ᠬᠡᠷᠡᠭ ᠢ ᠨᠢᠭᠳᠠ ᠠᠩᠬᠠᠷᠴᠤ᠂ ᠪᠡᠶ᠎ᠡ ᠪᠠᠷ ᠢᠶᠠᠨ ᠠᠳᠬᠤᠨ᠂ ᠪᠠᠶᠢᠳᠠᠭ ᠴᠢᠳᠠᠯ ᠢᠶᠠᠨ ᠰᠢᠪᠬᠠᠨ ᠠᠵᠢᠯᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠤᠰᠤᠭᠠᠷ ᠨᠢ ᠲᠤᠭᠤᠰᠢᠯᠠᠭᠤᠯᠬᠤ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠱᠠᠭᠠᠷᠳᠠᠯᠭ᠎ᠠ ᠶᠢ ᠬᠦᠴᠦᠲᠡᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠤᠰᠤᠳ ᠪᠠᠭ ᠤᠨ ᠪᠦᠷᠢᠯᠳᠦᠬᠦᠨ ᠴᠥᠮ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠵᠣᠷᠢᠭᠲᠠᠢ ᠠᠳᠬᠤᠨ ᠵᠣᠷᠢᠭᠲᠠᠢ ᠬᠠᠮᠢᠶᠠᠷᠴᠤ᠂ ᠬᠦᠯᠢᠶᠡᠬᠦ ᠦᠭᠡᠢ ᠬᠤᠶᠢᠰᠢᠯᠠᠭᠤᠯᠬᠤ ᠦᠭᠡᠢ ᠪᠠᠶᠢᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠤ ᠪᠦᠷᠢᠯᠳᠦᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠱᠢ ᠲᠠᠢ ᠹᠧᠩ᠂ ᠣᠳᠣᠬᠠᠨ ᠤ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠶᠠᠭ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠳᠤ ᠣᠷᠣᠰᠢᠵᠤ ᠪᠠᠶᠢᠨ᠎ᠠ᠂ ᠡᠨᠡ ᠪᠣᠯ ᠦᠨᠡᠨ ᠬᠦ ᠠᠳᠬᠤᠵᠤ ᠬᠠᠲᠠᠭᠤ ᠲᠠᠢ ᠨᠢ ᠬᠠᠯᠳᠠᠵᠤ᠂ ᠬᠦᠴᠦᠯᠡᠨ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠭᠤᠭᠴᠤᠭ᠎ᠠ ᠪᠣᠯᠤᠨ᠎ᠠ᠂ ︽ᠠᠷᠪᠠᠨ ᠬᠤᠶᠠᠷ ᠬᠤᠪᠢ︾ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠵᠠᠭᠤᠨ ᠤ ᠵᠠᠭᠤ︾ ᠶᠢᠨ ᠡᠷᠴᠢ ᠵᠣᠷᠢᠭ ᠢᠶᠠᠷ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠣᠨᠣᠪᠴᠢᠲᠠᠢ ᠪᠠᠶᠢᠴᠠᠭᠠᠵᠤ᠂ ᠭᠦᠨᠵᠡᠭᠡᠢ ᠠᠭᠤᠳᠠᠯᠵᠤ᠂ ᠪᠣᠳᠠᠲᠠᠢ ᠰᠠᠶᠢᠵᠢᠷᠠᠭᠤᠯᠵᠤ᠂ ᠪᠣᠳᠠᠲᠠᠢ ᠵᠠᠰᠠᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠵᠣᠷᠢᠭᠲᠠᠢ ᠪᠠᠷ ᠬᠢᠳᠤᠭᠠᠨ ᠢᠷ ᠢ ᠳᠣᠲᠣᠭᠰᠢ ᠬᠠᠨᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠭᠴᠤᠭ᠎ᠠ ᠨᠢᠭᠡ ᠪᠦᠷᠢ ᠶᠢ ᠠᠬᠢᠭᠤᠯᠬᠤ᠂ ᠡᠭᠦᠷᠭᠡ ᠨᠢᠭᠡ ᠪᠦᠷᠢ ᠶᠢ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠶᠡᠭᠡ ᠬᠦᠴᠦ ᠣᠷᠣᠭᠤᠯᠵᠤ ᠪᠠᠶᠢᠭᠠᠳ ᠦᠵᠡᠯ ᠰᠠᠨᠠᠭ᠎ᠠ ᠲᠠᠨᠢᠯᠲᠠ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ᠂ ᠵᠣᠬᠢᠶᠠᠨ ᠪᠠᠶᠢᠭᠤᠯᠵᠤ ᠠᠬᠢᠭᠤᠯᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠥᠮᠦᠵᠢᠯ ᠴᠡᠭᠴᠡᠯᠡᠯᠲᠡ ᠶᠢ ᠦᠩᠬᠡᠨ ᠲᠡᠳᠦᠢ ᠬᠢᠬᠦ ᠦᠬᠡᠢ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ︽ᠥᠪᠡᠷ ᠢ ᠪᠠᠨ ᠪᠠᠶᠢᠴᠠᠭᠠᠪᠠᠯ ᠠᠭᠤᠵᠢᠭᠤ ᠰᠢᠢᠳᠪᠦᠷᠢᠯᠡᠵᠦ᠂ ᠪᠠᠶᠢᠴᠠᠭᠠᠭᠳᠠᠪᠠᠯ ᠴᠢᠩᠭ᠎ᠠ ᠰᠢᠢᠳᠬᠡᠬᠦ︾ ᠲᠥᠷᠥ ᠶᠢᠨ ᠪᠣᠳᠣᠯᠭ᠎ᠠ ᠶᠢ ᠰᠠᠶᠢᠲᠤᠷ ᠡᠵᠡᠮᠳᠡᠨ ᠰᠠᠶᠢᠲᠤᠷ ᠬᠡᠷᠡᠭᠯᠡᠵᠦ᠂ ᠬᠡᠷᠡᠭ ᠤᠨ ᠰᠦᠪᠡᠭᠴᠢ ᠶᠢ ᠭᠦᠨᠵᠡᠭᠡᠶ ᠠᠭᠤᠳᠠᠯᠤᠨ ᠲᠦᠢᠯᠪᠤᠷᠢᠲᠠᠶ ᠪᠠᠶᠢᠴᠠᠭᠠᠵᠤ᠂ ᠤᠯᠠᠨ ᠨᠡᠶᠢᠳᠡ ᠳᠤ ᠬᠥᠨᠥᠭᠡᠯᠲᠡᠶ ᠬᠥᠮᠦᠰ ᠢ ᠡᠷᠡᠰ ᠴᠡᠪᠡᠷᠯᠡᠨ ᠠᠷᠢᠯᠭᠠᠵᠤ᠂ ᠮᠠᠨ ᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠥᠷᠥ ᠶᠢᠨ ᠠᠮᠢ ᠠᠬᠤᠶ ᠶᠢ ᠦᠨᠡᠨ ᠬᠦ ᠰᠡᠷᠭᠦᠭᠡᠨ ᠴᠡᠪᠡᠷᠰᠢᠭᠦᠯᠬᠦ ᠬᠡᠷᠡᠭᠲᠡᠶ᠃ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠱᠠᠯᠠᠪᠳᠠᠭᠤᠯᠤᠨ ᠵᠢᠯᠣᠭᠤᠳᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠰᠢᠯᠵᠢᠭᠦᠯᠦᠨ ᠬᠦᠷᠭᠡᠭᠰᠡᠨ ᠰᠦᠪᠡᠭᠴᠢ ᠶᠢ ᠴᠠᠭ ᠲᠤᠬᠠᠶ ᠳᠤᠨᠢ ᠬᠠᠷᠭᠤᠭᠤᠯᠤᠨ ᠪᠠᠶᠢᠴᠠᠭᠠᠵᠤ ᠰᠢᠢᠳᠪᠤᠷᠢᠯᠡᠨ᠂ ᠵᠢᠭᠠᠵᠤ ᠭᠠᠷᠭᠠᠭᠰᠠᠨ ᠠᠰᠠᠭᠤᠳᠠᠯ ᠢ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠳᠤᠷᠠᠳᠤᠭᠰᠠᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠵᠦ ᠨᠡᠶᠢᠲᠡᠮ ᠳᠤᠨᠢ ᠬᠠᠷᠠᠭᠠᠯᠵᠠᠬᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠵᠣᠬᠢᠴᠠᠩᠭᠤᠢ ᠪᠠᠷ ᠬᠠᠮᠲᠤ ᠪᠠᠷ ᠤᠷᠤᠭᠰᠢᠯᠠᠬᠤ ᠶᠢ ᠦᠨᠡᠨ ᠬᠦ ᠪᠠᠲᠤᠯᠠᠵᠤ᠂ ᠬᠥᠮᠦᠵᠢᠯ ᠴᠡᠭᠴᠡᠯᠡᠯᠲᠡ ᠦᠷᠨᠢᠭᠦᠯᠬᠦ ᠪᠠ ᠥᠭᠡᠷᠡᠴᠢᠯᠡᠯᠲᠡ ᠬᠥᠭᠵᠢᠯᠲᠡ ᠶᠢ ᠪᠠᠲᠤᠯᠠᠬᠤ᠂ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠤᠨ ᠭᠤᠤᠯ ᠬᠠᠷᠢᠭᠤᠴᠠᠯᠭᠠᠲᠠᠨ ᠨᠥᠬᠦᠳ ᠲᠣᠰ ᠲᠣᠰ ᠣᠪᠣᠷ ᠢᠶᠠᠨ ᠢᠯᠡᠳᠬᠡᠬᠦ ᠦᠭᠡ ᠬᠡᠯᠡᠪᠡ᠃

ᠢᠷᠡᠯᠲᠡ᠄ ᠲᠣᠲᠣᠷᠬᠠᠢ ᠦᠭᠡᠢ