ᠸᠠᠩ ᠯᠢ ᠰᠢᠶᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠠᠷᠢᠯᠴᠠᠬᠤ ᠬᠤᠷᠠᠯ ᠳᠡᠭᠡᠷ᠎ᠡ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠦ ᠪᠣᠳᠠᠲᠤ ᠴᠣᠭᠴᠠ ᠶᠢᠨ ᠠᠵᠤ ᠠᠬᠤᠶ ᠶᠢᠨ ᠪᠤᠵᠠᠭᠠᠶᠢᠷᠠᠨ ᠬᠦᠴᠦᠷᠬᠡᠭᠵᠢᠭᠦ ᠳᠤ ᠦᠢᠯᠡᠴᠢᠯᠡᠵᠤ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/9/27
      9 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
1.jpg
2.jpg
      ᠬᠤᠷᠠᠯ ᠠᠴᠠ ᠡᠮᠦᠨ᠎ᠡ᠂ ᠸᠠᠩ ᠯᠢ ᠰᠢᠶᠠ ᠨᠠᠷ ᠵᠦᠩ ᠰᠢᠨ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠵᠡᠢ᠃ ᠬᠤᠷᠠᠯ ᠳᠡᠭᠡᠷ᠎ᠡ᠂ 10 ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠮᠥᠩᠭᠦᠨ ᠭᠦᠢᠯᠭᠡᠭᠡᠨ ᠢᠶᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠪᠠ᠃
3.jpg
      ᠣᠯᠠᠨ ᠤ ᠶᠠᠷᠢᠬᠤ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ ᠦᠵᠡᠭᠦᠯᠦᠭᠰᠡᠨ ᠢᠳᠡᠪᠬᠢ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠪᠥᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢᠨ ᠲᠤᠭᠤᠷᠢᠨ ᠳᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠶᠢᠨ ᠲᠤᠭᠤᠷᠢᠨ ᠳᠤ᠂ ᠤᠯᠠᠨ ᠠᠷᠭ᠎ᠠ ᠵᠠᠮ ᠪᠦᠬᠦᠢ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠯᠢ ᠰᠢᠶᠠ᠂ ᠠᠵᠤ ᠠᠬᠤᠶᠢᠯᠠᠯ ᠪᠣᠯ ᠠᠵᠤ ᠠᠬᠤᠢ ᠶᠢᠨ ᠬᠥᠭᠵᠢᠯᠲᠡ ᠶᠢᠨ ᠭᠤᠣᠯ ᠴᠣᠭᠴᠠ ᠮᠥᠨ᠂ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠦᠢᠯᠡᠴᠢᠯᠡᠭᠡᠨ ᠤ ᠤᠬᠠᠮᠰᠠᠷ᠂ ᠬᠠᠮᠲᠤ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠶᠡᠭᠡ ᠲᠠᠩᠰᠠ᠂ ᠠᠯᠤᠰ ᠬᠡᠳᠤ ᠶᠢᠨ ᠲᠠᠩᠰᠠ ᠶᠢ ᠢᠯᠡᠭᠦᠬᠡᠨ ᠪᠤᠳᠤᠵᠤ᠂ ︽ᠳᠠᠭᠠᠷᠠᠭᠰᠠᠨ ᠬᠥᠮᠦᠨ ᠳᠤ ᠳᠠᠬᠤ ᠬᠦᠷᠭᠡᠬᠦ︾ ᠶᠠᠪᠤᠳᠠᠯ ᠢ ᠢᠯᠡᠭᠦᠬᠡᠨ ᠬᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠲᠡᠳᠬᠦᠨ ᠲᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠬᠦᠴᠢᠷᠳᠡᠯᠳᠡᠢ ᠪᠠᠶᠢᠳᠠᠯ ᠢᠶᠠᠨ ᠬᠤᠪᠢᠷᠠᠭᠤᠯᠬᠤ ᠳᠤ ᠨᠡᠩ ᠤᠯᠠᠨ ᠮᠥᠩᠭᠦᠨ ᠭᠦᠢᠯᠭᠡᠭᠡᠨ ᠤ ᠲᠤᠰᠠᠯᠠᠮᠵᠢ ᠦᠵᠡᠬᠦᠯᠬᠦ ᠬᠡᠷᠡᠭᠲᠡᠢ᠃ ︽ᠬᠥᠬᠡᠭᠴᠢᠨ ᠲᠠᠯ᠎ᠠ ᠶᠢᠨ ᠰᠡᠳᠬᠢᠬᠦᠶ︾ ᠪᠠᠷ ᠦᠢᠯᠡᠴᠢᠯᠡᠭᠡ ᠪᠠᠨ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠳᠣᠷᠣᠭᠰᠢ ᠪᠠᠭᠤᠵᠤ ᠠᠵᠤ ᠠᠬᠤᠶᠢᠯᠠᠯ ᠢᠶᠠᠷ ᠬᠦᠷᠴᠤ ᠰᠤᠷᠪᠤᠯᠵᠢᠯᠠᠬᠤ᠂ ᠴᠢᠬᠤᠯᠠ ᠶᠡᠭᠡ ᠲᠥᠷᠥᠯ ᠵᠦᠢᠯ ᠲᠠᠢ ᠰᠠᠨᠠᠭᠠᠴᠢᠯᠠᠭ᠎ᠠ ᠠᠴᠠ ᠪᠠᠨ ᠵᠤᠯᠭᠠᠭᠤᠯᠬᠤ᠂ ᠵᠠᠰᠠᠭ ᠤᠨ ᠣᠷᠳᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠢ ᠪᠠᠶᠢᠩᠭᠤ ᠵᠣᠯᠭᠠᠭᠤᠯᠬᠤ ᠵᠡᠷᠭᠡ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠪᠠᠨ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ᠃ ︽ᠬᠠᠨᠳᠤᠯᠭᠠᠲᠤ ᠰᠡᠳᠬᠢᠬᠦᠶ︾ ᠪᠠᠷ ᠨᠠᠷᠢᠯᠢᠭ ᠣᠨᠣᠴᠠᠲᠠᠶ ᠦᠢᠯᠡᠴᠢᠯᠡᠵᠦ᠂ ᠲᠦᠭᠡᠮᠡᠯ ᠬᠠᠷᠠᠭᠠᠯᠵᠠᠯ ᠦᠵᠡᠭᠦᠯᠬᠦ᠂ ᠵᠣᠬᠢᠰᠲᠠᠶ ᠪᠠᠷ ᠠᠰᠢᠬ ᠢᠶᠠᠨ ᠬᠤᠪᠢᠶᠠᠯᠴᠠᠬᠤ᠂ ᠠᠷᠭ᠎ᠠ ᠵᠠᠮ ᠢ ᠥᠷᠭᠡᠳᠬᠡᠬᠦ᠂ ᠬᠠᠩᠭᠠᠯᠭ᠎ᠠ ᠶᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠳᠤ ᠬᠦᠴᠢᠷᠲᠡᠶ᠂ ᠪᠠᠯᠠ ᠬᠤᠷᠠᠮᠳᠤᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ ︽ᠥᠭᠡᠷᠡᠴᠢᠯᠡᠯᠲᠡ ᠶᠢᠨ ᠰᠡᠳᠬᠢᠬᠦᠶ︾ ᠪᠠᠷ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ᠂ ᠦᠢᠯᠡᠴᠢᠯᠡᠭᠡᠨ ᠤ ᠠᠴᠢᠶᠠᠯᠠᠪᠤᠷᠢ᠂ ᠦᠢᠯᠡᠴᠢᠯᠡᠭᠡᠨ ᠤ ᠬᠦᠢᠰᠦ ᠶᠢ ᠲᠠᠰᠤᠷᠠᠯᠲᠠ ᠥᠬᠡᠶ ᠰᠠᠶᠢᠵᠢᠷᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠦᠷᠬᠦᠴᠡ᠂ ᠪᠣᠯᠤᠮᠵᠢᠲᠤ ᠴᠢᠨᠠᠷ᠂ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ︽ᠬᠤᠷᠢᠭ᠎ᠠ ᠱᠤᠭᠤᠮ ᠤᠨ ᠰᠡᠳᠬᠢᠬᠦᠢ︾ ᠪᠠᠷ ᠦᠢᠯᠡᠴᠢᠯᠡᠭᠡ ᠶᠢ ᠪᠠᠲᠤᠯᠠᠵᠤ᠂ ᠳᠣᠲᠣᠭᠠᠳᠤ ᠳᠠᠭᠠᠨ ᠲᠦᠭᠰᠢᠭᠦᠷᠢ ᠶᠢ ᠡᠵᠡᠮᠳᠡᠬᠦ ᠨᠢᠭᠡᠳᠦᠭᠡᠷ ᠪᠣᠭᠤᠮᠲᠠ ᠶᠢ ᠰᠠᠶᠢᠲᠤᠷ ᠰᠠᠬᠢᠵᠤ᠂ ᠮᠥᠩᠭᠦᠨ ᠭᠦᠢᠯᠭᠡᠭᠡᠨ ᠤ ᠢᠯᠵᠠᠷᠡᠯ ᠢ ᠡᠷᠡᠰ ᠵᠠᠯᠬᠠᠭᠠᠨ ᠰᠢᠢᠳᠬᠡᠵᠦ᠂ ᠤᠷᠳᠤ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠦᠷᠢᠨᠰᠢᠬᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠤ ᠴᠢᠬᠤᠯᠠᠴᠢᠯᠠᠵᠠᠢ᠃      ᠸᠠᠩ ᠯᠢ ᠰᠢᠶᠠ᠂ ᠡᠯ᠎ᠡ ᠱᠠᠲᠤᠨ ᠤ ᠵᠠᠰᠠᠭ ᠤᠨ ᠣᠷᠳᠣᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠦᠬᠦ ᠰᠡᠳᠬᠢᠯ ᠪᠦᠬᠦ ᠬᠦᠴᠦ ᠪᠠᠷ ᠢᠶᠠᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠵᠣᠬᠢᠴᠠᠭᠤᠯᠵᠤ᠂ ᠰᠠᠶᠢᠲᠤᠷ ᠪᠠᠲᠤᠯᠠᠬᠤ ᠬᠡᠷᠡᠭᠲᠡᠢ᠃ ︽ᠬᠤᠷᠢᠭ᠎ᠠ ᠱᠤᠭᠤᠮ ᠢᠪᠠᠲᠤᠯᠠᠵᠦ︾᠂ ᠰᠠᠨᠠᠭᠠᠴᠢᠯᠠᠭ᠎ᠠ ᠠᠴᠠ ᠪᠠᠨ ᠲᠦᠷᠦ ᠶᠢᠨ ᠪᠤᠳᠤᠯᠭ᠎ᠠ ᠶᠢᠨ ᠬᠤᠷᠢᠭ᠎ᠠ ᠱᠤᠭᠤᠮ ᠤᠨ ᠲᠤᠤᠷ ᠢ ᠰᠦᠯᠵᠢᠵᠦ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠳᠤ ᠪᠠᠳᠤᠯᠠᠭ᠎ᠠ ᠬᠠᠩᠭᠠᠬᠤ ᠬᠡᠷᠡᠭᠲᠡᠢ᠃ ︽ᠣᠷᠴᠢᠨ ᠨᠦᠬᠦᠴᠡᠯ ᠢ ᠰᠢᠯᠢᠳᠡᠭᠵᠢᠭᠦᠯᠵᠦ︾᠂ ᠮᠥᠩᠭᠦᠨ ᠭᠦᠢᠯᠭᠡᠭᠡᠨ ᠢᠶᠠᠷ ᠣᠷᠣᠨ ᠨᠤᠲᠤᠭ ᠤᠨ ᠬᠥᠭᠵᠢᠯᠲᠡ ᠶᠢ ᠳᠡᠮᠵᠢᠬᠦ ᠶᠢ ᠵᠤᠷᠢᠠᠠᠵᠢᠭᠤᠯᠬᠤ ᠠᠯᠢ ᠤᠯᠠᠠ ᠲᠦᠷᠦ ᠶᠢᠨ ᠪᠤᠲᠤᠯᠭ᠎ᠠ ᠶᠢ ᠠᠯᠢ ᠲᠦᠷᠭᠡᠨ ᠢᠶᠠᠷ ᠡᠮᠬᠢᠯᠡᠨ ᠰᠤᠳᠤᠯᠵᠤ᠂ ᠨᠡᠶᠢᠳᠬᠡᠨ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠨᠳᠦᠰᠦᠨ ᠱᠠᠳᠤ ᠶᠢ ᠳᠡᠮᠵᠢᠬᠦ᠂ ᠪᠣᠳᠠᠲᠤ ᠴᠣᠭᠴᠠ ᠶᠢᠨ ᠠᠵᠤ ᠠᠬᠤᠢ ᠵᠡᠷᠭᠡ ᠶᠢᠨ ᠬᠥᠭᠵᠢᠯᠲᠡ ᠶᠢ ᠲᠡᠮᠵᠢᠬᠦ ᠬᠢᠨᠠᠨ ᠰᠢᠯᠭᠠᠵᠤ ᠱᠠᠩᠨᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ︽ᠬᠥᠭᠦᠷᠭᠡ ᠬᠤᠯᠪᠣᠭᠠᠰᠤ ᠪᠤᠯᠵᠤ︾᠂ ᠤᠯᠤᠯᠴᠠᠵᠤ ᠵᠤᠯᠭᠠᠯᠴᠠᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠪᠠᠩᠬᠢ ᠪᠣᠯᠤᠨ ᠠᠵᠤ ᠠᠬᠤᠶᠢᠯᠠᠯ ᠤᠨ ᠰᠣᠯᠢᠯᠴᠠᠭ᠎ᠠ ᠵᠣᠯᠭᠠᠯᠴᠠᠭ᠎ᠠ ᠶᠢ ᠠᠬᠢᠭᠤᠯᠵᠤ᠂ ᠤᠯᠤᠯᠴᠠᠭ᠎ᠠ ᠪᠠᠨ ᠴᠢᠩᠭᠠᠳᠬᠠᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠮᠥᠩᠭᠦᠨ ᠭᠦᠢᠯᠭᠡᠭᠡᠨ ᠤ ᠬᠦᠴᠦᠲᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
4.jpg
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠵᠦ᠂ ᠮᠥᠩᠭᠦᠨ ᠭᠦᠢᠯᠭᠡᠭᠡᠨ ᠤ ᠬᠡᠰᠡᠭ ᠪᠠᠶᠢᠭᠤᠯᠤᠮᠵᠢ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ