ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠤᠴᠢᠳᠤᠭᠠᠷ ᠬᠤᠷᠠᠯ ᠡᠬᠢᠯᠡᠪᠡ    ᠱᠢ ᠲᠠᠢ ᠹᠸᠡᠭ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/9/27
      9 ᠰᠠᠷ᠎ᠠ ᠶᠢᠨ 26 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠤᠴᠢᠳᠤᠭᠠᠷ ᠬᠤᠷᠠᠯ ᠬᠦᠬᠡᠬᠤᠳᠠ ᠳᠤ ᠡᠬᠢᠯᠡᠭᠰᠡᠨ ᠪᠦᠭᠡᠳ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠡᠢ᠃
1.jpg
      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠤᠳᠤ 63 ᠪᠦᠷᠢᠯᠳᠦᠭᠦᠨ ᠲᠠᠢ᠂ 55 ᠬᠦᠮᠦᠨ ᠲᠤᠰ ᠤᠳᠠᠭᠠᠨ ᠤ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠵᠡᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠯᠢᠶᠠᠨ ᠰᠤ᠋᠂ ᠵᠠᠩ ᠶᠤᠸᠠᠨ ᠵᠦᠡᠭ᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠴᠢ᠊ ᠪᠠᠳᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃
2.jpg
      ᠬᠤᠷᠠᠯ ᠤᠨ ᠵᠦᠪᠯᠡᠭᠦ ᠵᠦᠢᠯᠡᠰ ᠢ ᠪᠠᠳᠤᠯᠠᠭᠰᠠᠨ ᠤ ᠲᠠᠷᠠᠭ᠎ᠠ᠂ ᠬᠤᠷᠠᠯ ᠠᠴᠠ ᠴᠢ᠊ ᠪᠠᠲᠤ ᠶᠢᠨ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠥᠮᠦᠰ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠦᠷᠢᠮ ︵ᠲᠥᠰᠦᠯ ᠳᠤ ᠵᠠᠰᠠᠪᠤᠷᠢ ᠣᠷᠣᠭᠤᠯᠤᠭᠰᠠᠨ ᠨᠤᠤᠷᠠᠭ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠪᠢᠯᠢᠭᠬᠦᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠬᠰᠠᠨ ᠲᠥᠰᠦᠯ︶︾ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠳᠠᠭᠠᠨ ᠤ ᠶᠠᠪᠤᠳᠠᠯ ᠤᠨ ᠲᠤᠰᠠᠯᠠᠬᠴᠢ ᠶᠢᠨ ᠲᠦᠷᠢᠮ ︵ᠲᠥᠰᠦᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠠᠷᠤᠭ᠎ᠠ ᠵᠢᠶᠠᠩ ᠬᠤᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠬᠯᠠᠯᠲᠠ ᠶᠢᠨ ᠲᠢᠩᠬᠢᠮ ᠤᠨ ᠳᠠᠷᠤᠭ᠎ᠠ ᠰᠡᠴᠡᠨᠪᠢᠯᠢᠭ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠤᠤᠷᠠᠬᠢ ᠤᠰᠤᠨ ᠤ ᠬᠠᠮᠠᠭᠠᠯᠠᠯᠳᠠ ᠪᠠ ᠬᠠᠮᠢᠶᠠᠷᠤᠯᠳᠠ ᠶᠢᠨ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠹᠧᠩ ᠷᠧᠨ ᠹᠸᠢ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠥᠪᠯᠡᠯ ᠤᠨ ᠡᠷᠬᠢᠯᠡᠭᠴᠢ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠲᠦᠷᠢᠮ ᠵᠡᠷᠭᠡ ᠣᠷᠣᠨ ᠨᠤᠲᠤᠭ ᠤᠨ ᠴᠢᠨᠠᠷᠲᠠᠶ 2 ᠬᠠᠤᠯᠢ ᠲᠣᠭᠲᠠᠭᠠᠯ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠲᠤᠬᠠᠶ ᠲᠣᠳᠣᠷᠬᠠᠶᠢᠯᠠᠯᠲᠠ ᠶᠢ ᠰᠤᠨᠤᠰᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠲᠤᠰᠬᠠᠢ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠡᠰᠡᠭ ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠡᠰᠡᠭ ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠪᠠ ᠠᠶᠢᠮᠠᠬ ᠤᠨ ᠠᠵᠢᠯ ᠤᠨ ᠬᠤᠷᠢᠶᠠᠨ ᠤ ᠬᠠᠷᠢᠭᠤᠴᠠᠯᠭᠠᠳᠠᠨ ᠨᠦᠭᠦᠳ᠂ ᠡᠯ᠎ᠠ ᠲᠤᠭᠤᠷᠢᠭ ᠪᠠᠶᠢᠭᠤᠯᠤᠬᠰᠠᠨ ᠬᠤᠳᠠ᠂ ᠲᠦᠯᠦᠪᠯᠡᠭᠡ ᠳᠤ ᠲᠤᠰᠠᠭᠠᠷ ᠵᠢᠬᠰᠠᠭᠠᠬᠰᠠᠨ ᠬᠤᠳᠠ ᠪᠠ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠠᠷᠢᠭᠤᠴᠠᠯᠭᠠᠳᠠᠨ ᠨᠦᠭᠦᠳ᠂ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ᠂ ᠵᠠᠰᠠᠬ ᠤᠨ ᠤᠷᠳᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠭᠦᠳ ᠬᠤᠷᠠᠯ ᠳᠤ ᠰᠤᠯᠠ ᠤᠷᠤᠯᠴᠠᠵᠠᠢ᠃      ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠴᠠᠭᠳᠠᠭᠠᠨ ᠤ ᠶᠠᠪᠤᠳᠠᠯ ᠤᠨ ᠲᠤᠰᠠᠯᠠᠬᠴᠢ ᠶᠢᠨ ᠲᠦᠷᠢᠮ ︵ᠲᠥᠰᠦᠯ ᠳᠤ ᠵᠠᠰᠠᠪᠤᠷᠢ ᠣᠷᠣᠭᠤᠯᠤᠭᠰᠠᠨ ᠨᠤᠤᠷᠠᠭ︶᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠲᠦᠷᠢᠮ ᠵᠡᠷᠭᠡ ᠣᠷᠣᠨ ᠨᠤᠲᠤᠭ ᠤᠨ ᠴᠢᠨᠠᠷᠲᠠᠶ 2 ᠬᠠᠤᠯᠢ ᠲᠣᠭᠲᠠᠭᠠᠯ ︵ᠵᠠᠰᠠᠪᠤᠷᠢ ᠣᠷᠣᠭᠤᠯᠤᠭᠰᠠᠨ ᠲᠥᠰᠦᠯ︶᠂ ᠣᠷᠳᠣᠰ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ ᠵᠡᠷᠭᠡ ᠣᠷᠣᠨ ᠨᠤᠲᠤᠭ ᠤᠨ ᠴᠢᠨᠠᠷᠲᠠᠶ 5 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠪᠣᠯᠤᠨ ᠣᠷᠳᠣᠰ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢ ᠠᠬᠢᠭᠤᠯᠬᠤ ᠲᠦᠷᠢᠮ ᠢ ᠳᠤᠭᠤᠶᠢᠯᠠᠩ ᠬᠤᠪᠢᠶᠠᠵᠦ ᠬᠢᠨᠠᠨ ᠵᠥᠪᠯᠡᠪᠡ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ