ᠬᠥᠬᠡᠬᠤᠲᠠ ᠶᠢᠨ ᠰᠤᠷᠭᠠᠭᠤᠯᠢ ᠳᠣᠲᠣᠷᠠᠬᠢ ᠵᠢᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠵᠥᠪᠯᠡᠯ ᠫᠠᠶᠢᠰᠠ ᠪᠠᠨ ᠰᠡᠬᠦᠪᠡ
ᠨᠡᠶᠢᠲᠡᠯᠡᠭᠰᠡᠨ ᠴᠠᠭ᠄
2021/9/28

     9 ᠳ᠋ᠦ᠋ᠭᠡᠷ ᠰᠠᠷ᠎ᠠ ᠶᠢᠨ 26 ᠤ ᠡᠳᠦᠷ᠂ ᠬᠥᠬᠡᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠦᠷᠦᠭᠦᠯᠡᠨ ᠪᠠᠶᠢᠭᠤᠯᠤᠭᠰᠠᠨ ᠬᠥᠬᠡᠬᠤᠲᠠ ᠶᠢᠨ ᠰᠤᠷᠭᠠᠭᠤᠯᠢ ᠳᠣᠲᠣᠷᠠᠬᠢ ᠵᠢᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠵᠥᠪᠯᠡᠯ ︵ᠳᠣᠷᠣᠭᠰᠢ ︽ᠰᠤᠷᠭᠠᠭᠤᠯᠢ ᠶᠢᠨ ᠡᠶᠡᠳᠡᠭᠦᠯᠭᠡ ᠶᠢᠨ ᠵᠥᠪᠯᠡᠯ︾ ᠭᠡᠵᠦ ᠲᠣᠪᠴᠢᠯᠠᠨ᠎ᠠ︶ ᠵᠢᠩᠬᠢᠨᠢ ᠪᠠᠷ ᠫᠠᠶᠢᠰᠠ ᠪᠠᠨ ᠰᠡᠬᠦᠪᠡ᠃
     ᠲᠠᠨᠢᠯᠴᠠᠭᠤᠯᠤᠭᠰᠠᠨ ᠢᠶᠠᠷ᠂ ᠰᠤᠷᠭᠠᠭᠤᠯᠢ ᠶᠢᠨ ᠡᠶᠡᠳᠡᠭᠦᠯᠭᠡ ᠶᠢᠨ ᠵᠥᠪᠯᠡᠯ ᠪᠣᠯ ᠲᠤᠰᠬᠠᠶᠢᠯᠠᠨ ᠰᠤᠷᠭᠠᠭᠤᠯᠢ ᠳᠣᠲᠣᠷᠠᠬᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠲᠥᠷᠥᠯ ᠤᠨ ᠴᠢᠨᠠᠷᠲᠠᠶ᠂ ᠮᠡᠷᠭᠡᠵᠢᠯ ᠤᠨ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠷᠠᠳ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠮᠥᠨ᠃ ᠲᠤᠬᠠᠶᠢᠯᠠᠭᠰᠠᠨ ᠠᠵᠢᠯ ᠤᠨ ᠲᠠᠯ᠎ᠠ ᠪᠠᠷ ᠡᠯ᠎ᠡ ᠱᠠᠲᠤᠨ ᠤ ᠬᠠᠤᠯᠢ ᠴᠠᠭᠠᠵᠠ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠤᠭᠤᠳᠤᠯᠭ᠎ᠠ ᠶᠢ ᠬᠦᠯᠢᠶᠡᠵᠦ᠂ ︽ᠠᠰᠠᠭᠤᠨ ᠯᠠᠪᠯᠠᠬᠤ ᠳᠤ ᠰᠦᠢᠳᠬᠡᠯ ᠬᠤᠷᠢᠶᠠᠬᠤ ᠦᠭᠡᠢ᠂ ᠬᠦᠯᠢᠶᠡᠨ ᠠᠪᠴᠤ ᠰᠢᠢᠳᠪᠦᠷᠢᠯᠡᠬᠦ ᠳᠤ ᠰᠦᠢᠳᠬᠡᠯ ᠬᠤᠷᠢᠶᠠᠬᠤ ᠦᠭᠡᠢ᠂ ᠡᠶᠡᠳᠡᠭᠦᠯᠬᠦ ᠳᠤ ᠰᠦᠢᠳᠬᠡᠯ ᠬᠤᠷᠢᠶᠠᠬᠤ ᠦᠭᠡᠢ︾ ᠦᠢᠯᠡᠴᠢᠯᠡᠭᠡᠨ ᠤ ᠵᠠᠷᠴᠢᠮ ᠢ ᠪᠠᠷᠢᠮᠲᠠᠯᠠᠵᠤ᠂ ᠪᠦᠬᠦ ᠶᠠᠪᠤᠴᠠ ᠳᠤ ᠶᠠᠮᠠᠷ ᠴᠤ ᠰᠦᠢᠳᠬᠡᠯ ᠬᠤᠷᠢᠶᠠᠬᠤ ᠦᠭᠡᠢ᠂ ᠡᠷᠬᠡ ᠲᠡᠭᠰᠢ᠂ ᠲᠥᠪ ᠭᠤᠣᠯᠴᠢ᠂ ᠳᠤᠮᠳᠠ ᠶᠢ ᠪᠠᠷᠢᠬᠤ ᠵᠣᠭᠰᠣᠯᠲᠠ ᠶᠢ ᠪᠠᠷᠢᠮᠲᠠᠯᠠᠨ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤ ᠨᠢ ᠨᠠᠮᠳᠠᠭᠠᠵᠤ᠂ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠰᠤᠷᠭᠠᠭᠤᠯᠢ ᠶᠢᠨ ᠡᠶᠡᠳᠡᠭᠦᠯᠭᠡ ᠶᠢᠨ ᠵᠥᠪᠯᠡᠯ ᠨᠢ ᠰᠦᠢᠳᠬᠡᠯ ᠲᠤᠰᠢᠶᠠᠬᠤ ᠦᠭᠡᠶ ᠪᠠᠷ ᠬᠡᠷᠡᠭ ᠮᠡᠳᠡᠭᠦᠯᠬᠦ 24 ᠴᠠᠭ ᠤᠨ᠄ 961666 ᠤᠲᠠᠰᠤ ᠶᠢ ᠨᠡᠪᠲᠡᠷᠡᠭᠦᠯᠵᠦ᠂ ᠲᠤᠬᠠᠶ ᠶᠢᠨ ᠬᠥᠮᠦᠨ ᠴᠠᠭ ᠲᠤᠬᠠᠶ ᠳᠤ ᠨᠢ ᠠᠰᠠᠭᠤᠨ ᠯᠠᠪᠯᠠᠵᠤ᠂ ᠬᠡᠷᠡᠭ ᠮᠡᠳᠡᠭᠦᠯᠵᠦ ᠪᠣᠯᠤᠨ᠎ᠠ᠃
     ᠰᠤᠷᠭᠠᠭᠤᠯᠢ ᠶᠢᠨ ᠡᠶᠡᠳᠡᠭᠦᠯᠭᠡ ᠶᠢᠨ ᠵᠥᠪᠯᠡᠯ ᠤᠨ ᠳᠣᠲᠣᠭᠠᠳᠤ ᠳᠤ ᠡᠷᠬᠢᠯᠡᠭᠴᠢ ᠶᠢᠨ ᠲᠠᠰᠤᠭ᠂ ᠡᠶᠡᠳᠡᠭᠦᠯᠭᠡ ᠶᠢᠨ ᠬᠡᠯᠲᠡᠰ᠂ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠡᠯᠲᠡᠰ᠂ ᠮᠡᠷᠭᠡᠵᠢᠯᠲᠡᠨ ᠤ ᠬᠠᠮᠢᠶᠠᠷᠤᠯᠲᠠ ᠶᠢᠨ ᠬᠡᠯᠲᠡᠰ ᠵᠡᠷᠭᠡ ᠡᠭᠦᠷᠭᠡ ᠴᠢᠳᠠᠪᠬᠢᠲᠤ ᠬᠡᠯᠲᠡᠰ ᠲᠠᠰᠤᠭ ᠲᠣᠬᠢᠷᠠᠭᠤᠯᠵᠤ᠂ ᠣᠲᠣ ᠲᠤᠰᠬᠠᠶ ᠲᠤᠰᠢᠶᠠᠯᠲᠤ ᠠᠵᠢᠯᠲᠠᠨ ᠵᠢᠴᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠭᠴᠢ᠂ ᠰᠡᠳᠬᠢᠴᠡ ᠵᠦᠶ ᠶᠢᠨ ᠮᠡᠷᠭᠡᠵᠢᠯᠲᠡᠨ᠂ ᠬᠠᠤᠯᠢ ᠶᠢᠨ ᠤᠬᠠᠭᠠᠨ ᠤ ᠮᠡᠷᠭᠡᠵᠢᠯᠲᠡᠨ ᠨᠡᠶᠢᠲᠡ 27 ᠬᠥᠮᠥᠨ ᠪᠣᠶ᠃ ᠭᠤᠣᠯᠳᠠᠭᠤ ᠮᠠᠨ ᠤ ᠬᠤᠲᠠ ᠶᠢᠨ ᠰᠤᠷᠭᠠᠭᠤᠯᠢ ᠶᠢᠨ ᠳᠣᠲᠣᠭᠠᠳᠤ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠬᠤᠯᠪᠣᠭᠳᠠᠬᠤ ᠪᠠᠭᠰᠢ ᠠᠵᠢᠯᠲᠠᠨ ᠬᠢᠭᠡᠳ ᠰᠤᠷᠭᠠᠭᠤᠯᠢ ᠶᠢᠨ ᠲᠠᠯ᠎ᠠ ᠶᠢᠨ ᠬᠤᠭᠤᠷᠣᠨᠳᠣᠬᠢ᠂ ᠰᠤᠷᠤᠭᠴᠢ ᠬᠢᠭᠡᠳ ᠰᠤᠷᠭᠠᠭᠤᠯᠢ ᠶᠢᠨ ᠲᠠᠯ᠎ᠠ ᠶᠢᠨ ᠬᠤᠭᠤᠷᠣᠨᠳᠣᠬᠢ᠂ ᠪᠠᠭᠰᠢ ᠠᠵᠢᠯᠲᠠᠨ ᠬᠢᠭᠡᠳ ᠰᠤᠷᠤᠭᠴᠢ ᠶᠢᠨ ᠬᠤᠭᠤᠷᠣᠨᠳᠣᠬᠢ᠂ ᠰᠤᠷᠤᠭᠴᠢ ᠬᠢᠭᠡᠳ ᠰᠤᠷᠤᠭᠴᠢ ᠶᠢᠨ ᠬᠤᠭᠤᠷᠣᠨᠳᠣᠬᠢ᠂ ᠰᠤᠷᠭᠠᠭᠤᠯᠢ ᠬᠢᠭᠡᠳ ᠭᠡᠷ ᠤᠨ ᠠᠬᠠᠮᠠᠳ ᠤᠨ ᠬᠤᠭᠤᠷᠣᠨᠳᠣᠬᠢ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠬᠦᠯᠢᠶᠡᠨ ᠠᠪᠴᠤ ᠰᠢᠢᠳᠪᠦᠷᠢᠯᠡᠬᠦ ᠵᠢᠴᠢ ᠬᠤᠯᠪᠣᠭᠳᠠᠯ ᠪᠥᠬᠦᠶ ᠨᠢᠭᠡᠴᠢ ᠲᠠᠢ ᠬᠠᠮᠵᠢᠯᠴᠠᠨ ᠰᠤᠷᠭᠠᠭᠤᠯᠢ ᠶᠢᠨ ᠪᠠᠭᠰᠢ ᠰᠣᠷᠣᠭᠴᠢ ᠬᠢᠭᠡᠳ ᠪᠤᠰᠤᠳ ᠨᠢᠭᠡᠴᠢ ᠶᠢᠨ ᠠᠵᠢᠯᠲᠠᠨ ᠤ ᠬᠤᠭᠤᠷᠣᠨᠳᠣᠬᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂ ᠰᠤᠷᠭᠠᠭᠤᠯᠢ ᠶᠢ ᠬᠠᠪᠰᠤᠷᠤᠨ ᠵᠢᠯᠣᠭᠤᠳᠴᠤ ᠪᠠᠶᠢᠭᠠᠳ ᠨᠡᠶᠢᠭᠡᠮ ᠤᠨ ᠬᠠᠮᠢᠶᠠᠷᠤᠯᠲᠠ ᠶᠢᠨ ᠶᠡᠷᠦᠩᠬᠡᠶᠢᠯᠡᠨ ᠵᠠᠰᠠᠬᠤ ᠵᠢᠴᠢ ᠠᠮᠤᠭᠤᠯᠠᠩ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ᠡᠭᠦᠨ ᠤ ᠬᠠᠮᠲᠤ᠂ ᠡᠶᠡᠳᠡᠭᠦᠯᠬᠦ ᠪᠠᠷ ᠳᠠᠮᠵᠢᠨ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠤᠬᠠᠭᠤᠯᠵᠤ᠂ ᠰᠤᠷᠭᠠᠭᠤᠯᠢ ᠳᠣᠲᠣᠷᠠᠬᠢ ᠬᠡᠷᠡᠭ ᠲᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠮᠠᠨ ᠤ ᠬᠤᠲᠠ ᠶᠢᠨ ᠨᠡᠶᠢᠭᠡᠮ ᠤᠨ ᠡᠶ᠎ᠡ ᠵᠣᠬᠢᠴᠠᠯ ᠲᠠᠢ ᠠᠮᠤᠷ ᠲᠣᠭᠲᠠᠭᠤᠨ ᠬᠥᠭᠵᠢᠯᠲᠡ ᠶᠢ ᠬᠠᠮᠠᠭᠠᠯᠠᠬᠤ ᠳᠤ ᠢᠳᠡᠪᠬᠢ ᠦᠢᠯᠡᠳᠦᠯ ᠢᠶᠠᠨ ᠪᠠᠳᠠᠷᠠᠭᠤᠯᠤᠨ᠎ᠠ᠃
     ᠰᠤᠷᠭᠠᠭᠤᠯᠢ ᠶᠢᠨ ᠡᠶᠡᠳᠡᠭᠦᠯᠭᠡ ᠶᠢᠨ ᠵᠥᠪᠯᠡᠯ ᠤᠨ ᠪᠠᠶᠢᠭᠤᠯᠤᠭᠳᠠᠭᠰᠠᠨ ᠨᠢ ᠠᠷᠠᠳ ᠤᠨ ᠡᠶᠡᠳᠡᠭᠦᠯᠭᠡ ᠶᠢᠨ ᠲᠣᠭᠲᠠᠴᠠ ᠶᠢ ᠮᠠᠨ ᠤ ᠬᠤᠲᠠ ᠶᠢᠨ ᠰᠤᠷᠭᠠᠭᠤᠯᠢ ᠳᠣᠲᠣᠷᠠᠬᠢ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠦᠷᠢᠶᠡᠨ ᠳᠤ ᠵᠢᠩᠬᠢᠨᠢ ᠪᠠᠷ ᠨᠠᠶᠢᠳᠠᠪᠤᠷᠢᠵᠢᠭᠤᠯᠤᠭᠰᠠᠨ ᠢ ᠬᠠᠷᠠᠭᠤᠯᠵᠤ᠂ ᠮᠠᠨ ᠤ ᠬᠤᠲᠠ ᠶᠢᠨ ᠰᠤᠷᠭᠠᠭᠤᠯᠢ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤ ᠰᠢᠨ᠎ᠡ ᠠᠷᠭ᠎ᠠ ᠵᠠᠮ ᠢ ᠨᠡᠭᠡᠭᠡᠨ ᠥᠭᠴᠦ᠂ ᠠᠮᠤᠭᠤᠯᠠᠩ ᠰᠤᠷᠭᠠᠭᠤᠯᠢ ᠶᠢᠨ ᠪᠠᠶᠢᠭᠤᠯᠤᠯᠲᠠ ᠪᠠ ᠬᠠᠤᠯᠢᠵᠢᠯ ᠤᠨ ᠣᠷᠣᠨ ᠤ ᠲᠥᠪ ᠤᠨ ᠪᠠᠶᠢᠭᠤᠯᠤᠯᠲᠠ ᠳᠤ ᠢᠳᠡᠪᠬᠢᠲᠡᠶ ᠦᠢᠯᠡᠳᠦᠯ ᠦᠵᠡᠭᠦᠯᠬᠦ ᠪᠣᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ