ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/9/29
       2021 ᠣᠨ ᠤ 9 ᠳ᠋ᠦ᠋ᠭᠡᠷ ᠰᠠᠷ᠎ᠠ ᠶᠢᠨ 28 ᠤ ᠡᠳᠦᠷ ᠤᠨ 7 ᠴᠠᠭ ᠠᠴᠠ 9 ᠳ᠋ᠦ᠋ᠭᠡᠷ ᠰᠠᠷ᠎ᠠ ᠶᠢᠨ 29 ᠤ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠳᠠᠬᠢᠨ ᠨᠡᠷᠪᠡᠭᠳᠡᠭᠰᠡᠨ ᠡᠪᠡᠳᠴᠢᠨ ᠤ ᠵᠢᠱᠢᠶ᠎ᠡ 1       ︵ᠬᠢᠩᠭᠠᠨ ᠠᠶᠢᠮᠠᠭ ᠤᠨ ᠤᠯᠠᠭᠠᠨᠬᠤᠲᠠ ᠳᠤ︶ ᠨᠡᠮᠡᠭᠳᠡᠵᠦ᠂ 1ᠡᠪᠡᠳᠴᠢᠨ ᠤ ᠵᠢᠱᠢᠶ᠎ᠡ ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠠᠴᠠ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠰᠢᠯᠵᠢᠭᠦᠯᠪᠡ︶ ᠶᠢ ᠡᠮᠴᠢᠯᠡᠨ ᠡᠷᠡᠭᠦᠯᠵᠢᠭᠦᠯᠵᠦ ᠡᠮᠨᠡᠯᠭᠡ ᠠᠴᠠ ᠭᠠᠷᠭᠠᠪᠠ᠃       ᠬᠢᠩᠭᠠᠨ ᠠᠶᠢᠮᠠᠭ ᠤᠨ ᠤᠯᠠᠭᠠᠨᠬᠤᠲᠠ ᠶᠢᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠳᠠᠬᠢᠨ ᠨᠡᠷᠪᠡᠭᠳᠡᠭᠰᠡᠨ ᠡᠪᠡᠳᠴᠢᠨ ᠤ ᠵᠢᠱᠢᠶ᠎ᠡ ᠨᠢ ᠡᠮᠡᠭᠲᠡᠶ᠂ 54 ᠨᠠᠰᠤᠲᠠᠶ᠂ 8 ᠳ᠋ᠤᠭᠠᠷ ᠰᠠᠷ᠎ᠠ ᠶᠢᠨ 13 ᠤ ᠡᠳᠦᠷ ᠺᠣᠷᠢᠶᠠ ᠠᠴᠠ ᠳ᠋ᠠᠯᠢᠶᠠᠨ ᠳᠤ ᠪᠤᠴᠠᠵᠤ ᠢᠷᠡᠭᠰᠡᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠨ᠎ᠠ᠃ 9 ᠳ᠋ᠦ᠋ᠭᠡᠷ ᠰᠠᠷ᠎ᠠ ᠶᠢᠨ 20 ᠤ ᠡᠳᠦᠷ ᠡᠮᠴᠢᠯᠡᠭᠦᠯᠵᠦ ᠡᠷᠡᠭᠦᠯᠵᠢᠭᠡᠳ ᠬᠢᠩᠭᠠᠨ ᠠᠶᠢᠮᠠᠭ ᠤᠨ ᠤᠯᠠᠭᠠᠨᠬᠤᠲᠠ ᠳᠤ ᠪᠤᠴᠠᠭᠰᠠᠨ ᠤ ᠳᠠᠷᠠᠭ᠎ᠠ᠂ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠨᠢ ᠪᠠᠭᠤᠷᠠᠢ ᠠᠷᠭ᠎ᠠ ᠴᠢᠨᠠᠷ ᠪᠣᠯᠪᠠ᠃ ᠣᠳᠣᠬᠠᠨ ᠳᠤ᠂ ᠲᠣᠰ ᠡᠪᠡᠳᠴᠢᠨ ᠤ ᠵᠢᠱᠢᠶ᠎ᠡ ᠶᠢ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠬᠦᠷᠭᠡᠵᠦ ᠲᠤᠰᠠᠭᠠᠷᠯᠠᠨ ᠡᠮᠴᠢᠯᠡᠵᠦ᠂ ᠬᠤᠯᠪᠣᠭᠳᠠᠯ ᠪᠥᠬᠦᠶ ᠠᠵᠢᠯ ᠢ ᠶᠠᠭ ᠰᠠᠶ᠋ᠢᠬᠠᠨ ᠬᠢᠵᠦ ᠪᠠᠶᠢᠨ᠎ᠠ᠃      2021 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ 4 ᠪᠠᠶᠢᠵᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠳᠠᠬᠢᠨ ᠨᠡᠷᠪᠡᠭᠳᠡᠭᠰᠡᠨ ᠡᠪᠡᠳᠴᠢᠨ ᠤ ᠵᠢᠱᠢᠶ᠎ᠡ 1 ᠪᠠᠶᠢᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ