ᠸᠠᠩ ᠯᠢ ᠰᠢᠶᠠ ᠦᠬᠠᠢ ᠠᠯᠠᠱᠠ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/3

      9 ᠰᠠᠷ᠎ᠠ ᠶᠢᠨ 1᠎ ᠠᠴᠠ 2᠎ ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠦᠬᠠᠢ ᠬᠤᠳᠠ᠂ ᠠᠯᠠᠱᠠ ᠠᠶᠢᠮᠠᠭ ᠲᠤ ᠭᠦᠨᠵᠡᠭᠡᠶᠢᠷᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠲᠡᠷᠡ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠴᠥᠬᠦᠷᠡᠰᠢ ᠥᠬᠡᠶ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠶᠡᠭᠡ ᠪᠠᠷ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠳᠤᠷ᠎ᠠ ᠪᠠᠷ ᠢᠶᠠᠨ ᠨᠡᠭᠡᠭᠡᠵᠦ ᠮᠠᠯᠲᠠᠬᠤ ᠠᠵᠢᠯᠯᠠᠭ᠎ᠠ ᠶᠢ ᠬᠤᠷᠢᠠᠠᠯᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠦᠴᠦᠯᠡᠨ ᠬᠤᠪᠢᠷᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠬᠡᠷᠡᠭᠲᠡᠶ ᠭᠡᠵᠦ ᠴᠢᠬᠤᠯᠠᠴᠢᠯᠠᠪᠠ᠃

1.jpg

2.jpg

3.jpg

4.jpg

 

      ᠸᠠᠩ ᠯᠢ ᠰᠢᠶᠠ ᠤᠷᠢᠳ ᠬᠤᠵᠢᠳ ᠭᠤᠸᠠᠩ ᠨᠠ ᠨᠡᠭᠦᠷᠡᠰᠦᠨ ᠤ ᠦᠢᠯᠡᠰ ᠤᠨ ᠲᠡᠮᠡᠭᠡᠲᠦ ᠬᠠᠶᠢᠷᠬᠠᠨ ᠤ ᠠᠭᠤᠷᠬᠠᠢ ᠶᠢᠨ ᠣᠷᠣᠨ᠂ ᠰᠤᠬᠠᠢᠢᠲᠦ ᠶᠢᠨ ᠰᠢᠶᠤᠤ ᠲᠢᠶᠧ ᠮᠤᠤ ᠠᠭᠤᠷᠬᠠᠢ ᠶᠢᠨ ᠣᠷᠣᠨ ᠪᠣᠯᠤᠨ ᠲᠠᠢ ᠰᠢ ᠨᠡᠭᠦᠷᠡᠰᠦᠨ ᠤ ᠪᠦᠯᠦᠭᠯᠡᠯ ᠤᠨ ᠡᠯ ᠳ᠋ᠤᠤ ᠯᠢᠩ ᠠᠭᠤᠷᠬᠠᠢ ᠶᠢᠨ ᠣᠷᠣᠨ ᠳᠤ ᠬᠦᠷᠴᠦ᠂ ᠰᠢᠷᠣᠢ ᠭᠠᠳᠠᠭᠰᠢᠯᠠᠭᠤᠯᠬᠤ ᠲᠠᠯᠠᠪᠠᠢ ᠪᠣᠯᠤᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠭᠦᠨᠵᠡᠭᠡᠶᠢᠷᠡᠵᠦ᠂ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠪᠣᠯᠤᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠠᠭᠤᠷᠬᠠᠶ ᠶᠢᠨ ᠣᠷᠣᠨ ᠤ ᠠᠮᠢ ᠠᠬᠤᠶ ᠶᠢ ᠵᠠᠰᠠᠨ ᠰᠡᠷᠭᠦᠭᠡᠬᠦ ᠶᠢ ᠠᠬᠢᠭᠤᠯᠬᠤ ᠳᠤ ︽ᠵᠣᠭᠰᠣᠰᠢ︾ ᠥᠬᠡᠶ ᠪᠠᠶᠢᠬᠤ ᠬᠡᠷᠡᠭᠳᠡᠢ᠂ ᠵᠠᠰᠠᠭ ᠤᠨ ᠣᠷᠳᠣᠨ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠢ ᠨᠡᠶᠢᠳᠭᠡᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠤᠨ ᠠᠭᠤᠷ ᠠᠮᠢᠰᠬᠤᠯ ᠵᠢᠴᠢ ᠭᠠᠵᠠᠷ ᠵᠦᠶ ᠶᠢᠨ ᠨᠥᠬᠦᠴᠡᠯ ᠳᠤ ᠴᠢᠭᠯᠡᠭᠦᠯᠦᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠲᠣᠭᠲᠠᠭᠠᠵᠤ᠂ ᠨᠡᠭᠡᠭᠡᠨ ᠮᠠᠯᠲᠠᠬᠤ ᠶᠢᠨ ᠵᠡᠷᠭᠡ ᠪᠠᠷ ᠵᠠᠰᠠᠨ ᠰᠡᠷᠭᠦᠭᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠳ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠠᠮᠢ ᠠᠬᠤᠶ ᠶᠢ ᠬᠠᠮᠠᠭᠠᠯᠠᠬᠤ ᠪᠠ ᠣᠷᠴᠢᠨ ᠲᠣᠭᠤᠷᠢᠨ ᠢ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠨᠡᠭᠦᠷᠡᠰᠦ ᠮᠠᠯᠲᠠᠵᠤ ᠬᠥᠨᠳᠡᠶᠢᠷᠡᠭᠰᠡᠨ ᠣᠷᠣᠨ ᠪᠠ ᠨᠤᠷᠠᠵᠦ ᠴᠦᠮᠦᠷᠡᠭᠰᠡᠨ ᠣᠷᠣᠨ ᠤ ᠠᠮᠢ ᠠᠬᠤᠶ ᠶᠢ ᠰᠡᠷᠭᠦᠭᠡᠨ ᠵᠠᠰᠠᠬᠤ ᠶᠢ ᠭᠦᠨᠵᠡᠭᠡᠶ ᠠᠬᠢᠭᠤᠯᠵᠤ᠂ ᠭᠠᠵᠠᠷ ᠣᠷᠣᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

      ᠨᠤᠴᠤᠭᠠᠨ᠎ᠠ ᠶᠢᠨ ᠬᠠᠮᠠᠭᠠᠯᠠᠯᠲᠠ ᠶᠢᠨ ᠣᠷᠣᠨ ᠪᠣᠯᠤᠨ ᠠᠯᠠᠱᠠ ᠠᠭᠤᠯᠠᠨ ᠤ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠲᠤ᠂ ᠸᠠᠩ ᠯᠢ ᠰᠢᠶᠠ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠣᠯᠤᠨ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠭᠡᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠠᠭᠠᠯᠠᠯᠲᠠ ᠶᠢᠨ ᠣᠷᠣᠨ ᠤ ᠤᠷᠭᠤᠮᠠᠯ ᠤᠨ ᠣᠯᠠᠨ ᠶᠠᠩᠵᠤᠲᠤ ᠴᠢᠨᠠᠷ ᠵᠢᠴᠢ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠨᠤᠴᠤᠭᠠᠨ᠎ᠠ ᠭᠡᠬᠦ ᠡᠨᠡ ᠬᠦ ᠤᠰᠠᠳᠬᠤ ᠰᠢᠬᠠᠭᠰᠠᠨ ᠤᠷᠭᠤᠮᠠᠯ ᠤᠨ ᠲᠥᠷᠥᠯ ᠢ ᠡᠷᠡᠰ ᠰᠠᠶᠢᠲᠤᠷ ᠬᠠᠮᠠᠭᠠᠯᠠᠵᠤ᠂ ᠤᠷᠭᠤᠮᠠᠯ ᠤᠨ ᠣᠯᠠᠨ ᠶᠠᠩᠵᠤᠲᠤ ᠴᠢᠨᠠᠷ ᠢ ᠰᠠᠶᠢᠲᠤᠷ ᠬᠠᠮᠠᠭᠠᠯᠠᠬᠤ ᠬᠡᠷᠡᠭᠲᠡᠶ᠂ ᠤᠬᠠᠭᠤᠯᠬᠤ ᠡᠷᠴᠢᠮ ᠪᠣᠯᠤᠨ ᠬᠠᠮᠠᠭᠠᠯᠠᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠦᠲᠦᠮᠵᠢᠲᠡᠶ ᠰᠠᠶᠢᠲᠤᠷ ᠬᠠᠮᠢᠶᠠᠷᠤᠨ ᠬᠠᠮᠠᠭᠠᠯᠠᠵᠤ᠂ ᠠᠮᠢ ᠠᠬᠤᠶ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠲᠤᠷ ᠬᠠᠮᠠᠭᠠᠯᠠᠵᠤ᠂ ᠠᠯᠠᠱᠠ ᠠᠭᠤᠯᠠᠨ ᠤ ᠠᠮᠢ ᠠᠬᠤᠶ ᠶᠢ ᠬᠠᠮᠠᠭᠠᠯᠠᠵᠤ ᠵᠠᠰᠠᠬᠤ ᠳᠤᠮᠳᠠᠬᠢ ᠲᠣᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃

      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠸᠠᠩ ᠯᠢ ᠰᠢᠶᠠ ᠪᠠᠰᠠ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠸᠠᠨ ᠲᠧᠩ ᠪᠤᠯᠤᠳ ᠲᠡᠮᠤᠷ ᠤᠨ ᠺᠣᠮᠫᠠᠨᠢ ᠪᠣᠯᠤᠨ ᠰᠠᠶᠢᠰᠧᠫᠦ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠪᠤᠯᠤᠳ ᠲᠡᠮᠤᠷ ᠤᠨ ᠠᠵᠢᠯ ᠲᠦᠷᠦᠯ ᠤᠨ ᠴᠡᠪᠡᠷ ᠦᠢᠯᠡᠳᠪᠦᠷᠢᠯᠡᠯ ᠪᠣᠯᠤᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠯᠬᠤᠭ᠎ᠠ ᠶᠢ ᠲᠦᠷᠭᠡᠳᠬᠡᠵᠦ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢᠶᠠᠷ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠡᠨᠧᠷᠭᠢ ᠶᠢᠨ ᠬᠤᠷᠣᠭᠳᠠᠯ ᠢ ᠪᠠᠭᠤᠷᠠᠭᠤᠯᠵᠤ᠂ ᠭᠠᠳᠠᠭᠰᠢᠯᠠᠭᠤᠯᠤᠯᠲᠠ ᠶᠢ ᠪᠠᠭᠠᠰᠬᠠᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠠᠠᠯᠠᠬᠤ ᠨᠣᠷᠮ᠎ᠠ ᠪᠣᠯᠤᠨ ᠦᠢᠯᠡᠳᠬᠦᠨ ᠢ ᠨᠠᠷᠢᠯᠢᠭ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠦᠢᠯᠡᠰ ᠢ ᠲᠦᠷᠭᠡᠳᠬᠡᠨ ᠲᠠᠰ ᠳᠡᠪᠰᠢᠭᠦᠯᠦᠨ ᠥᠭᠡᠷᠡᠴᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠭᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ